ᠪᠥᠬᠦ ᠳᠡᠯᠡᠬᠡᠶ ᠶᠢᠨ ᠠᠩᠬᠠᠳᠠᠭᠴᠢ ᠲᠦᠮᠡᠨ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠬᠡᠯᠬᠢᠶ᠎ᠡ  ᠶᠢᠨ ᠲᠥᠷᠥᠯ ᠵᠦᠶᠯ ᠣᠷᠳᠣᠰ ᠲᠤ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2021/10/14
      10 ᠰᠠᠷ᠎ᠠ ᠶᠢᠨ 13 ᠤ ᠡᠳᠦᠷ᠂ 《 ᠰᠠᠯᠬᠢ ᠬᠡᠷᠡᠯ ᠤᠰᠤᠲᠥ᠋ᠷᠥᠭᠴᠢ ᠪᠠᠷ ᠮᠠᠰᠢᠨ ᠲᠡᠷᠭᠡ ᠬᠠᠳᠠᠭᠠᠯᠠᠬᠤ 》 ᠱᠠᠩᠬᠠᠶ ᠶᠢᠨ ᠮᠠᠰᠢᠨ ᠲᠡᠷᠭᠡᠨ ᠤ ᠬᠤᠩ ᠶᠠᠨ ᠣᠷᠳᠣᠰ ᠤᠨ ᠲᠥᠷᠥᠯ ᠵᠦᠶᠯ ᠤᠨ ᠪᠠᠷᠢᠯᠭ᠎ᠠ ᠡᠬᠢᠯᠡᠬᠦ ᠶᠣᠰᠣᠯᠠᠯ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠮᠧᠩ ᠰᠦ᠋ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠂ ᠡᠨᠡ ᠨᠢ ᠪᠥᠬᠦ ᠪᠥᠮᠪᠥᠷᠴᠡᠭ ᠤᠨ ᠠᠩᠬᠠᠳᠠᠭᠴᠢ ᠲᠦᠮᠡᠨ ᠤᠰᠤᠲᠥ᠋ᠷᠥᠭᠴᠢ ᠡᠨᠧᠷᠭᠢ  ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠠᠵᠤ ᠦᠶᠯᠡᠰ ᠤᠨ ᠬᠡᠯᠬᠢᠶ᠎ᠡ ᠶᠢᠨ ᠲᠥᠷᠥᠯ ᠵᠦᠶᠯ ᠤᠨ ᠪᠠᠷᠢᠯᠭ᠎ᠠ ᠡᠬᠢᠯᠡᠭᠰᠡᠨ ᠢ ᠬᠠᠷᠠᠭᠤᠯᠵᠤ ᠪᠣᠶ  ᠃       ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ᠂ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 1200 ᠮᠥ ᠪᠠᠶᠢᠵᠤ᠂ ᠳᠡᠯᠡᠬᠡᠶ  ᠶᠢᠨ ᠲᠡᠷᠢᠭᠦᠨ ᠤ ᠬᠢᠷᠢ ᠲᠦᠪᠰᠢᠨ ᠪᠥᠬᠦᠶ ᠣᠳᠣᠬᠢᠴᠢᠯᠠᠭᠰᠠᠨ ᠲᠦᠯᠡᠰᠢᠨ ᠳ᠋ᠢᠶᠠᠨ ᡂᠢ ᠶᠢᠨ ᠬᠦᠨᠳᠦ ᠺᠠᠷᠲ ᠤᠨ ᠠᠵᠤ ᠦᠶᠯᠡᠰ ᠤᠨ ᠬᠡᠯᠬᠢᠶ᠎ᠡ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠩᠬᠠᠳᠠᠭᠴᠢ ᠰᠢᠨ᠎ᠡ ᠡᠨᠧᠷᠭᠢ  ᠶᠢᠨ ᠬᠦᠨᠳᠦ ᠺᠠᠷᠲ ᠤᠨ ᠵᠢᠱᠢᠶ᠎ᠡ ᠦᠵᠡᠭᠦᠯᠬᠦ ᠬᠡᠷᠡᠭᠯᠡᠭᠡᠨ ᠤ ᠲᠥᠷᠥᠯ ᠵᠦᠶᠯ ᠢ ᠪᠣᠶ ᠪᠣᠯᠭᠠᠵᠤ᠂ ᠱᠠᠩᠬᠠᠶ ᠶᠢᠨ ᠴᠢᠴᠧ ᠶᠢᠨ ᠬᠤᠩ ᠶᠠᠨ ᠰᠢᠨ᠎ᠡ ᠡᠨᠧᠷᠭᠢ ᠶᠢᠨ ᠰᠢᠨ᠎ᠡ ᠡᠨᠧᠷᠭᠢ ᠶᠢᠨ ᠺᠣᠮᠫᠠᠨᠢ ᠶᠢᠨ ᠤᠮᠠᠷᠠᠲᠤ ᠬᠢᠯᠢ ᠶᠢ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠪᠡ  ᠃ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠳᠤ ᠭᠤᠤᠯᠳᠠᠭᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠤᠭᠰᠠᠷᠠᠬᠤ ᠦᠶᠯᠡᠳᠪᠦᠷᠢ᠂ ᠲᠤᠷᠰᠢᠨ ᠠᠵᠢᠯᠯᠠᠭᠤᠯᠬᠤ ᠵᠠᠮ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢ ᠪᠠᠶᠢᠭᠤᠯᠵᠤ᠂ ᠵᠢᠱᠢᠯᠲᠡ ᠪᠠᠷ 2023 ᠣᠨ ᠤ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ︔ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠳᠤ ᠵᠢᠯᠣᠭᠤᠴᠢ ᠶᠢᠨ ᠲᠠᠰᠤᠭ ᠢ ᠭᠠᠩᠨᠠᠬᠤ᠂ ᠰᠢᠷᠳᠡᠵᠦ ᠤᠭᠰᠠᠷᠠᠬᠤ ᠦᠶᠯᠡᠳᠪᠦᠷᠢ ᠶᠢᠨ ᠲᠠᠰᠤᠭ ᠪᠠᠶᠢᠭᠤᠯᠬᠤ ᠶᠢᠨ ᠬᠠᠮᠲᠤ ᠶᠡᠷᠦᠩᠬᠡᠶ ᠤᠭᠰᠠᠷᠠᠬᠤ ᠦᠶᠯᠡᠳᠪᠦᠷᠢ ᠶᠢ ᠤᠯᠠᠮ ᠨᠢᠭᠡ ᠠᠯᠬᠤᠮ ᠥᠷᠭᠡᠳᠬᠡᠨ ᠪᠠᠶᠢᠭᠤᠯᠵᠤ᠂ ᠵᠢᠱᠢᠯᠲᠡ ᠪᠠᠷ 2024 ᠣᠨ ᠤ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ  ᠃ ᠡᠭᠦᠨ ᠤ ᠬᠠᠮᠲᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠰᠠᠭᠤᠷᠢᠨ ᠭᠠᠵᠠᠷ ᠨᠢ ᠲᠤᠭ᠎ᠠ ᠪᠠᠷᠢᠮᠲᠠ ᠶᠢᠨ ᠦᠶᠯᠡᠳᠪᠦᠷᠢ ᠪᠠᠶᠢᠭᠤᠯᠵᠤ᠂ ᠲᠣᠮᠣ ᠬᠡᠯᠪᠡᠷᠢ ᠶᠢᠨ AGV ᠤᠶᠤᠨᠲᠤ ᠦᠶᠯᠡᠳᠪᠦᠷᠢᠯᠡᠯ ᠤᠨ ᠱᠤᠭᠤᠮ ᠢ ᠪᠥᠬᠦ ᠲᠠᠯ᠎ᠠ ᠪᠠᠷ ᠣᠷᠣᠭᠤᠯᠤᠨ ᠠᠪᠴᠢᠷᠠᠵᠤ᠂ ᠠᠦ᠋ᠲ᠋ᠣᠴᠢᠯᠠᠭᠰᠠᠨ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠪᠥᠬᠦ ᠶᠠᠪᠤᠴᠠ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠪᠠ ᠤᠶᠠᠨ ᠬᠠᠲᠠᠨ ᠦᠶᠯᠡᠳᠪᠦᠷᠢᠯᠡᠯ ᠤᠨ ᠴᠢᠳᠠᠪᠤᠷᠢ ᠶᠢ ᠪᠡᠶᠡᠯᠡᠭᠦᠯᠦᠨ᠎ᠡ  ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠵᠢᠱᠢᠯᠲᠡ ᠪᠠᠷ ᠵᠢᠯ ᠪᠦᠷᠢ ᠪᠠᠷᠤᠭ 50 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠣᠷᠳᠣᠰ ᠤᠨ 《 ᠤᠮᠠᠷᠠᠲᠤ ᠬᠢᠯᠢ ᠶᠢᠨ ᠨᠣᠭᠤᠭᠠᠨ ᠤᠰᠤᠲᠥ᠋ᠷᠥᠭᠴᠢ ᠶᠢᠨ ᠬᠤᠲᠠ 》 ᠶᠢ ᠪᠠᠶᠢᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠬᠦ ᠪᠣᠯᠤᠨ᠎ᠠ  ᠃        ᠪᠠᠷᠢᠯᠭ᠎ᠠ ᠡᠬᠢᠯᠡᠬᠦ ᠶᠣᠰᠣᠯᠠᠯ ᠤᠨ ᠲᠤᠬᠠᠶ ᠶᠢᠨ ᠲᠠᠯᠠᠪᠠᠶ ᠳᠤ᠂ ᠱᠠᠩᠬᠠᠶ ᠶᠢᠨ ᠮᠠᠰᠢᠨ ᠲᠡᠷᠭᠡᠨ ᠤ ᠬᠤᠩ ᠶᠠᠨ ᠠᠴᠠ ᠥᠪᠥᠷ ᠮᠣᠩᠭᠤᠯ ᠤᠨ ᠬᠡᠷᠡᠭᠯᠡᠭᠴᠢ ᠳᠤ ᠬᠤᠩ ᠶᠠᠨ ᠤᠰᠤᠲᠥ᠋ᠷᠥᠭᠴᠢ ᠡᠨᠧᠷᠭᠢ ᠶᠢᠨ ᠬᠦᠨᠳᠦ ᠺᠠᠷᠲ ᠪᠠ ᠳ᠋ᠠ ᠲᠦᠩ ᠤᠰᠤᠲᠥ᠋ᠷᠥᠭᠴᠢ ᠡᠨᠧᠷᠭᠢ ᠶᠢᠨ ᠮᠠᠰᠢᠨ ᠲᠡᠷᠭᠡ ᠶᠢ ᠪᠥᠭᠡᠮ ᠢᠶᠠᠷ ᠲᠤᠰᠢᠶᠠᠪᠠ︔ ᠡᠭᠦᠨ ᠤ ᠬᠠᠮᠲᠤ᠂ ᠱᠠᠩᠬᠠᠶ ᠶᠢᠨ ᠮᠠᠰᠢᠨ ᠲᠡᠷᠭᠡᠨ ᠤ ᠬᠤᠩ ᠶᠠᠨ ᠪᠠᠰᠠ ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠠᠢ 200 ᠤᠰᠤᠲᠥ᠋ᠷᠥᠭᠴᠢ ᠡᠨᠧᠷᠭᠢ  ᠶᠢᠨ ᠬᠦᠨᠳᠦ ᠺᠠᠷᠲ ᠤᠨ ᠵᠠᠬᠢᠶᠠᠯᠠᠭ᠎ᠠ ᠲᠣᠭᠲᠠᠵᠤ᠂ ᠪᠤᠭᠤᠲᠤ ᠶᠢᠨ ᠪᠣᠯᠣᠳ ᠲᠡᠮᠦᠷ ᠤᠨ ᠬᠢᠵᠠᠭᠠᠷᠲᠤ ᠺᠣᠮᠫᠠᠨᠢ ᠲᠠᠢ 300 ᠴᠤᠯᠤ ᠴᠠᠬᠢᠯᠭᠠᠨ ᠬᠥᠳᠡᠯᠭᠡᠭᠦᠷᠲᠦ ᠬᠦᠨᠳᠦ ᠺᠠᠷᠲ ᠤᠨ ᠵᠠᠬᠢᠶᠠᠯᠠᠭ᠎ᠠ ᠲᠣᠭᠲᠠᠪᠠ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号