ᠹᠧᠩ ᠵᠢᠶᠠ ᠵᠢᠤᠢ ᠤᠯᠠᠭᠠᠨᠴᠠᠪ ᠬᠤᠳᠠ ᠳᠤ ᠲᠥᠮᠥᠰᠥᠨ ᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/19
      10 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠪᠦᠯᠬᠦᠮ ᠳᠠᠭᠠᠭᠤᠯᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠲᠥᠮᠥᠰᠥᠨ ᠤ ᠦᠷ᠎ᠡ ᠶᠢᠨ ᠦᠶᠯᠡᠰ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠪᠠ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ  ᠃
     ᠲᠥᠮᠥᠰᠥᠨ ᠤ ᠠᠵᠤ ᠦᠶᠯᠡᠰ ᠪᠣᠯ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠶᠯᠡᠰ ᠪᠣᠯᠤᠨ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠠᠵᠤ ᠦᠢᠯᠡᠰ ᠤᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠠᠵᠢᠯ ᠢ ᠲᠦᠷᠭᠡᠳᠬᠡᠨ ᠠᠬᠢᠭᠤᠯᠤᠨ᠎ᠠ᠂ 2020 ᠣᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠲᠥᠮᠥᠰᠥ ᠶᠢᠨ ᠠᠵᠤ ᠦᠶᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ ᠨᠡᠯᠢᠶᠡᠳ ᠰᠠᠶᠢᠨ ᠤᠯᠠᠭᠠᠨᠴᠠᠪ ᠬᠤᠲᠠ ᠶᠢ ᠰᠣᠩᠭᠤᠨ ᠲᠥᠮᠥᠰᠥ ᠶᠢᠨ ᠦᠷ᠎ᠡ ᠶᠢᠨ ᠦᠶᠯᠡᠰ ᠤᠨ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠤᠨ᠎ᠠ᠂ ᠲᠡᠷᠡᠴᠢᠯᠡᠨ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠪᠠᠷ ᠳᠠᠮᠵᠢᠭᠤᠯᠤᠨ ᠭᠤᠤᠯᠳᠠᠯᠭ᠎ᠠ ᠲᠠᠢ ᠲᠤᠰᠬᠠᠶ ᠵᠦᠶᠯ ᠢᠶᠠᠷ ᠳᠡᠮᠵᠢᠯᠭᠡ ᠦᠵᠡᠭᠦᠯᠦᠨ᠎ᠡ᠂ 《 4 + 8 + N 》 ᠬᠠᠮᠲᠤᠷᠠᠯᠴᠠᠭᠠᠨ ᠤ ᠭᠤᠤᠯ ᠴᠣᠭᠴᠠ ᠯᠤᠭ᠎ᠠ ᠶᠢᠨ ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠣᠭᠠᠯᠠᠯ ᠢ ᠴᠢᠩᠭᠠᠳᠬᠠᠬᠤ ᠪᠠᠷ ᠵᠣᠷᠢᠯᠭ᠎ᠠ ᠪᠣᠯᠭᠠᠵᠠᠶ᠂ ᠲᠥᠮᠥᠰᠥᠨ ᠤ ᠦᠷ᠎ᠡ ᠶᠢᠨ ᠲᠥᠮᠥᠰᠥᠨ ᠤ ᠰᠢᠨ᠎ᠡ ᠡᠭᠦᠯᠳᠡᠷ ᠢ ᠰᠤᠳᠤᠯᠤᠨ ᠨᠡᠭᠡᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠂ ᠮᠠᠨ ᠤ ᠣᠷᠣᠨ ᠤ ᠲᠥᠮᠥᠰᠥᠨ ᠤ ᠦᠷ᠎ᠡ ᠶᠢᠨ ᠦᠶᠯᠡᠰ ᠤᠨ 《 ᠪᠣᠭᠤᠮᠢ 》  ᠶᠢᠨ ᠠᠰᠠᠭᠤᠳᠠᠯ ᠢ ᠰᠢᠶᠳᠪᠦᠷᠢᠯᠡᠨ᠎ᠡ᠂ ᠲᠥᠮᠥᠰᠥᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠠᠴᠠ ᠦᠢᠯᠡᠳᠪᠦᠷᠢᠯᠡᠯ ᠤᠨ ᠮᠡᠷᠭᠡᠵᠢᠯ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ  ᠃
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠦᠷ᠎ᠡ  ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠷᠢᠯᠳᠦᠬᠦᠨ ᠨᠢᠭᠡᠴᠢ ᠥᠪᠥᠷ ᠮᠣᠩᠭᠤᠯ ᠤᠨ ᠵᠥᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠤᠤᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠭᠰᠠᠨ ᠲᠥᠮᠥᠰᠥ ᠶᠢ ᠵᠣᠬᠢᠶᠠᠨ ᠪᠠᠶᠢᠭᠤᠯᠵᠤ ᠪᠣᠶᠢᠵᠢᠭᠤᠯᠬᠤ ᠲᠠᠰᠤᠭ᠂ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠪᠣᠯᠤᠨ ᠸᠢᠷᠦ᠋ᠰ ᠤᠨ ᠡᠪᠡᠳᠴᠢᠨ ᠤ ᠬᠥᠨᠥᠭᠡᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠲᠤᠬᠠᠶ ᠶᠢᠨ ᠭᠠᠵᠠᠷ  ᠲᠤᠨᠢ ᠲᠣᠭᠤᠷᠢᠨ ᠦᠵᠡᠵᠦ᠂ ᠬᠠᠮᠢᠶ᠎ᠠ ᠪᠥᠬᠦᠶ ᠲᠥᠷᠥᠯ ᠵᠦᠶᠯ ᠤᠨ ᠰᠡᠳᠦᠪ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ ᠲᠠᠢ ᠲᠥᠮᠥᠰᠥ ᠶᠢᠨ ᠦᠷ᠎ᠡ ᠪᠣᠶᠢᠵᠢᠭᠤᠯᠬᠤ᠂ ᠥᠷᠭᠡᠳᠬᠡᠨ ᠦᠷᠡᠵᠢᠭᠦᠯᠬᠦ᠂ ᠠᠵᠤ ᠦᠶᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠣᠭᠤᠷᠢᠨ ᠳᠤ ᠰᠠᠨᠠᠯ  ᠢᠶᠠᠨ ᠭᠦᠨᠵᠡᠭᠡᠶ ᠰᠣᠯᠢᠯᠴᠠᠪᠠ  ᠃      ᠹᠧᠩ ᠵᠢᠶᠠ ᠵᠢᠤᠢ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠠᠷᠢᠮᠲᠠᠯᠠᠵᠤ᠂ ᠲᠥᠮᠥᠰᠥ ᠶᠢᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠮᠥᠰᠥ ᠶᠢᠨ ᠦᠷ᠎ᠡ ᠶᠢᠨ ᠦᠢᠯᠡᠰ ᠤᠨ 《 ᠪᠣᠭᠤᠮᠢ 》 ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠲᠥᠮᠥᠰᠥ ᠶᠢᠨ ᠠᠵᠤ ᠦᠢᠯᠡᠰ ᠤᠨ ᠴᠢᠬᠤᠯᠠ ᠶᠡᠭᠡ ᠰᠠᠭᠤᠷᠢ ᠰᠤᠳᠤᠯᠭᠠᠨ ᠤ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠲᠥᠮᠥᠰᠥ  ᠶᠢᠨ ᠦᠢᠯᠡᠳᠪᠦᠷᠢᠯᠡᠯ ᠤᠨ ᠶᠡᠭᠡ ᠣᠷᠣᠨ ᠠᠴᠠ ᠲᠥᠮᠥᠰᠥ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠣᠷᠣᠨ ᠲᠡᠶᠢᠰᠢ ᠬᠤᠪᠢᠷᠠᠬᠤ ᠶᠢ ᠠᠬᠢᠭᠤᠯᠵᠤ᠂ 《 ᠳᠤᠮᠳᠠᠳᠤ ᠤᠯᠤᠰ ᠤᠨ ᠲᠥᠮᠥᠰᠥ ᠶᠢᠨ ᠲᠥᠪ 》 ᠤᠨ ᠨᠥᠯᠥᠭᠡᠯᠡᠬᠦ ᠬᠦᠴᠦᠨ ᠪᠣᠯᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠲᠥᠮᠥᠰᠥ ᠶᠢᠨ ᠠᠵᠤ ᠦᠢᠯᠡᠰ ᠤᠨ ᠳᠤᠮᠳᠠ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃       ᠹᠧᠩ ᠵᠢᠶᠠ ᠵᠢᠤᠢ᠂ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠦᠷ᠎ᠡ ᠶᠢᠨ ᠦᠢᠯᠡᠰ ᠤᠨ ᠰᠢᠨ᠎ᠡ  ᠶᠢ ᠡᠭᠦᠳᠬᠦ ᠪᠠ ᠲᠥᠮᠥᠰᠥ ᠶᠢᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠳᠠᠬᠢ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ᠂ 《 ᠬᠥᠮᠦᠨ ᠦᠭᠡᠢ ᠪᠣᠯ ᠪᠢ ᠪᠠᠶᠢᠬᠤ᠂ ᠬᠥᠮᠦᠨ ᠪᠠᠶᠢᠪᠠᠯ ᠪᠢ ᠰᠢᠯᠢᠳᠡᠭ᠂ ᠬᠥᠮᠦᠨ ᠨᠢ ᠰᠢᠯᠢᠳᠡᠭ 》 ᠪᠠᠶᠢᠬᠤ ᠶᠢ ᠪᠡᠶᠡᠯᠡᠭᠦᠯᠬᠦ ᠬᠡᠷᠡᠭᠲᠡᠢ  ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠷ᠎ᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ  ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠳᠬᠤᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠠᠷᠢᠶᠠᠯᠠᠩ ᠤᠨ ᠦᠶᠯᠡᠳᠪᠦᠷᠢᠯᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠣᠯᠠᠨ ᠤ ᠦᠶᠯᠡᠳᠪᠦᠷᠢᠯᠡᠯ ᠢᠶᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ  ᠃       ᠹᠧᠩ ᠵᠢᠶᠠ ᠵᠢᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠳᠤᠲᠠᠭᠳᠠᠵᠤ ᠪᠣᠯᠬᠤ ᠦᠭᠡᠢ᠂ ᠴᠢᠳᠠᠪᠤᠷᠢᠲᠠᠨ ᠤ ᠡᠩᠨᠡᠭᠡ ᠳᠤᠲᠠᠭᠳᠠᠵᠤ ᠪᠣᠯᠬᠤ ᠦᠭᠡᠢ  ᠃ ᠡᠯ᠎ᠡ ᠨᠢᠭᠡᠴᠢ ᠶᠢᠨ ᠬᠢᠨ ᠵᠠᠪᠠᠯ ᠴᠢᠳᠠᠪᠤᠷᠢᠲᠠᠨ ᠢ ᠴᠢᠬᠤᠯᠠᠴᠢᠯᠠᠵᠤ᠂ ᠴᠢᠳᠠᠪᠤᠷᠢᠲᠠᠨ ᠢ ᠬᠥᠮᠦᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢ ᠦᠯᠡᠳᠡᠭᠡᠨ᠂ ᠴᠢᠳᠠᠪᠤᠷᠢᠲᠠᠨ ᠢ ᠬᠡᠷᠡᠭᠯᠡᠵᠦ᠂ ᠴᠢᠳᠠᠪᠤᠷᠢᠲᠠᠨ ᠢ ᠦᠨᠡᠨ ᠬᠦ ᠬᠥᠭᠵᠢᠯᠲᠡ ᠶᠢ ᠠᠬᠢᠭᠤᠯᠬᠤ ᠪᠠ ᠪᠡᠶᠡᠯᠡᠭᠦᠯᠬᠦ ᠨᠢᠭᠡᠳᠦᠭᠡᠷ ᠡᠬᠢ ᠪᠠᠶᠠᠯᠢᠭ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ 《 ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ 》 ᠤ ᠠᠵᠢᠯ ᠳᠤ ᠨᠠᠩ ᠪᠦᠲᠦᠮᠵᠢᠲᠡᠶ ᠦᠶᠯᠡᠴᠢᠯᠡᠬᠦ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠥᠳᠡᠭᠡ ᠲᠣᠰᠬᠤᠨ ᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号