ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ  ᠳᠤ ᠵᠠᠰᠠᠪᠤᠷᠢ ᠣᠷᠣᠭᠤᠯᠬᠤ ᠠᠵᠢᠯ ᠤᠨ ᠪᠠᠶᠢᠴᠠᠭᠠᠨ ᠰᠤᠳᠤᠯᠤᠯᠲᠠ ᠶᠢᠨ ᠬᠤᠷᠠᠯ ᠤᠯᠠᠭᠠᠨᠬᠠᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2021/10/19
     10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠤᠯᠠᠭᠠᠨᠬᠠᠳᠠ ᠬᠤᠲᠠ ᠳᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ ( ᠵᠠᠰᠠᠪᠤᠷᠢ ᠣᠷᠣᠭᠤᠯᠤᠭᠰᠠᠨ ᠲᠥᠰᠦᠯ ) ᠶᠢᠨ ᠲᠤᠬᠠᠶ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ  ᠃       ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢᠳ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ 》 ( ᠰᠠᠨᠠᠯ ᠬᠤᠷᠢᠶᠠᠬᠤ ᠨᠣᠤᠷᠠᠭ ) ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠳᠣᠭᠢᠷᠠᠭᠤᠯᠤᠭᠰᠠᠨ ᠱᠠᠩᠨᠠᠯ  ᠤᠨ ᠵᠦᠶᠯ ᠵᠢᠴᠢ ᠱᠠᠩᠨᠠᠯ ᠤᠨ ᠮᠥᠩᠭᠦ ᠶᠢᠨ ᠲᠤᠭ᠎ᠠ᠂ ᠱᠠᠩᠨᠠᠯ ᠤᠨ ᠣᠷᠣᠨ ᠲᠤᠭ᠎ᠠ ᠵᠡᠷᠭᠡ ᠶᠢᠨ ᠲᠤᠬᠠᠶ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠨᠡᠷ᠎ᠡ ᠳᠤᠷᠠᠳᠬᠤ᠂ ᠬᠢᠨᠠᠨ ᠲᠣᠭᠲᠠᠭᠠᠬᠤ᠂ ᠣᠯᠭᠤᠬᠤ ᠪᠣᠳᠠᠲᠠᠶ ᠲᠠᠰ ᠳᠠᠷᠠᠭᠠᠯᠠᠯ ᠤᠨ ᠲᠤᠬᠠᠶ ᠨᠠᠷᠢᠨ ᠨᠢᠮᠪᠠᠶ ᠶᠠᠷᠢᠯᠴᠠᠬᠤ ᠪᠠ ᠭᠦᠨᠵᠡᠭᠡᠶ ᠰᠣᠯᠢᠯᠴᠠᠪᠠ  ᠃ ᠡᠭᠦᠨ ᠤ ᠬᠠᠮᠲᠤ᠂ ᠱᠠᠩᠨᠠᠬᠤ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ ᠳᠤ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠ ᠲᠠᠢ ᠵᠠᠷᠢᠮ ᠵᠦᠢᠯ ᠳᠤ ᠪᠣᠳᠠᠲᠠᠶ ᠰᠠᠨᠠᠭᠤᠯᠭ᠎ᠠ ᠳᠤᠷᠠᠳᠪᠠ  ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ ( ᠵᠠᠰᠠᠪᠤᠷᠢ ᠣᠷᠣᠭᠤᠯᠤᠭᠰᠠᠨ ᠲᠥᠰᠦᠯ ) ᠳᠤ ᠵᠠᠰᠠᠪᠤᠷᠢ ᠣᠷᠣᠭᠤᠯᠤᠭᠰᠠᠨ ᠶᠠᠪᠤᠴᠠ ᠪᠠ ᠦᠨᠳᠦᠰᠦᠯᠡᠯ ᠤᠨ ᠲᠤᠬᠠᠶ ᠲᠣᠳᠣᠷᠬᠠᠶᠢᠯᠠᠯᠲᠠ ᠬᠢᠭᠰᠡᠨ ᠪᠥᠭᠡᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠠᠰᠠᠭᠤᠯᠲᠠ ᠶᠢ ᠨᠢᠭᠡᠳ ᠨᠢᠭᠡ ᠪᠠᠷ ᠬᠠᠷᠢᠭᠤᠯᠪᠠ  ᠃       ᠬᠤᠷᠠᠯ ᠠᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ 》 ᠳᠤ ᠵᠠᠰᠠᠪᠤᠷᠢ ᠣᠷᠣᠭᠤᠯᠬᠤ ᠲᠥᠰᠦᠯ ᠤᠨ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠠᠴᠠ ᠢᠳᠡᠪᠬᠢᠲᠡᠶ ᠠᠵᠢᠯᠯᠠᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ 》 ᠶᠢ ᠲᠦᠷᠭᠡᠬᠡᠨ ᠨᠡᠶᠢᠲᠡᠯᠡᠬᠦ ᠶᠢ ᠠᠬᠢᠭᠤᠯᠬᠤ ᠪᠣᠯᠤᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号