ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠢ ᠰᠡᠳᠦᠪᠲᠦ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠥᠷᠭᠡᠨ ᠤᠯᠠᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠮᠤᠷ ᠲᠦᠪᠰᠢᠨ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ
ᠨᠡᠶᠢᠲᠡᠯᠡᠭᠰᠡᠨ ᠴᠠᠭ᠄
2021/11/23
     11 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠴᠡᠭᠴᠡᠯᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠤᠳᠤᠯᠤᠨ ᠪᠠᠶᠢᠷᠢᠯᠠᠭᠤᠯᠪᠠ  ᠃      ᠸᠠᠩ ᠯᠢ ᠰᠢᠶᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠬᠤᠷᠢᠭ᠎ᠠ ᠱᠤᠭᠤᠮ ᠮᠥᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ  ᠶᠢᠨ ᠪᠠᠶᠢᠪᠠᠰᠤ ᠵᠣᠬᠢᠬᠤ ᠠᠭᠤᠯᠭ᠎ᠠ ᠪᠠ ᠴᠢᠬᠤᠯᠠ ᠶᠡᠭᠡ ᠠᠵᠢᠯ ᠤᠨ ᠱᠠᠭᠠᠷᠳᠠᠯᠭ᠎ᠠ ᠮᠥᠨ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠢᠭᠡᠨ ᠲᠤᠶᠢᠯ  ᠤᠨ ᠴᠢᠬᠤᠯᠠ᠂ ᠪᠠᠶᠢᠨᠭᠭᠤᠵᠢᠬᠰᠡᠨ᠂ ᠰᠠᠭᠤᠷᠢ ᠴᠢᠨᠠᠷᠲᠠᠢ ᠠᠵᠢᠯ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠬᠢᠵᠦ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠠᠳᠬᠤᠵᠤ᠂ ᠭᠡᠮ ᠰᠣᠭᠤᠭ ᠢ ᠠᠷᠢᠯᠭᠠᠵᠤ᠂ ᠠᠯᠳᠠᠰᠢ ᠭᠠᠷᠬᠤ  ᠶᠢ ᠬᠤᠷᠢᠭᠯᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠷᠭᠡᠨ ᠤᠯᠠᠨ ᠰᠤᠷᠤᠭᠴᠢ ᠶᠢᠨ ᠡᠷᠡᠭᠦᠯ ᠢᠶᠠᠷ ᠦᠰᠦᠨ ᠪᠣᠶᠢᠵᠢᠬᠤ ᠳᠤ ᠠᠮᠤᠷ ᠲᠦᠪᠰᠢᠨ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠦᠨᠡᠨ ᠬᠦ ᠪᠤᠢ ᠪᠣᠯᠭᠠᠵᠤ᠂ ᠦᠨᠡᠨ ᠬᠦ ᠰᠤᠷᠤᠭᠴᠢᠳ ᠢ ᠰᠠᠨᠠᠭ᠎ᠠ ᠠᠮᠤᠷ᠂ ᠭᠡᠷ  ᠤᠨ ᠠᠬᠠᠮᠠᠳ ᠢ ᠰᠠᠨᠠᠭ᠎ᠠ ᠠᠮᠤᠷ᠂ ᠨᠡᠶᠢᠭᠡᠮ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ  ᠃      ᠸᠠᠩ ᠯᠢ ᠰᠢᠶᠠ᠂ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ 《 ᠬᠠᠮᠠᠭᠠᠯᠠᠯᠲᠠ ᠶᠢᠨ ᠲᠣᠣᠷ 》 ᠢ ᠡᠷᠡᠰ ᠪᠠᠲᠤ ᠰᠦᠯᠵᠢᠬᠦ ᠬᠡᠷᠡᠭᠲᠡᠢ  ᠃ ᠠᠮᠤᠷ ᠲᠦᠪᠰᠢᠨ ᠤ ᠰᠠᠭᠤᠷᠢ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠬᠥᠮᠦᠨ  ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ︔ ᠲᠤᠰᠬᠠᠶ ᠵᠠᠰᠠᠯᠲᠠ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠵᠡᠷᠭᠡ ᠵᠠᠰᠠᠯᠲᠠ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠦᠴᠦᠯᠡᠨ ᠪᠠᠲᠤᠯᠠᠨ᠎ᠠ︔ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠢᠴᠢ ᠭᠠᠷ ᠬᠥᠯ ᠠᠮᠠᠨ ᠤ ᠡᠪᠡᠳᠴᠢᠨ ᠵᠡᠷᠭᠡ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠪᠠᠴᠢᠮ ᠪᠠᠶᠢᠳᠠᠯ  ᠢ ᠠᠷᠭᠠᠴᠠᠭᠠᠨ ᠰᠢᠶᠳᠪᠦᠷᠢᠯᠡᠬᠦ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠪᠣᠳᠠᠲᠤ ᠪᠠᠶᠢᠯᠳᠤᠭᠠᠨ ᠤ ᠰᠣᠷᠢᠯᠲᠠ  ᠶᠢ ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠬᠡᠷᠡᠭᠲᠡᠶ︔ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠠ ᠶᠣᠰᠣ ᠰᠤᠷᠲᠠᠬᠤᠨ ᠤ ᠬᠠᠤᠯᠢᠵᠢᠯ ᠤᠨ ᠬᠢᠴᠢᠶᠡᠯ ᠢ ᠨᠠᠷᠢᠨ ᠨᠢᠮᠪᠠᠶ ᠰᠠᠶᠢᠲᠤᠷ ᠣᠷᠣᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ︔ ᠠᠮᠤᠷ ᠲᠦᠪᠰᠢᠨ ᠤ ᠬᠥᠮᠦᠵᠢᠯ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠰᠤᠷᠭᠠᠭᠤᠯᠢ  ᠶᠢᠨ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠪᠠ ᠠᠷᠭ᠎ᠠ ᠮᠠᠶ᠋ᠢᠭ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠢ ᠭᠦᠶᠴᠡᠳ ᠪᠥᠭᠡᠳ ᠰᠠᠶᠢᠲᠤᠷ ᠨᠡᠭᠡᠭᠡᠵᠦ᠂ ᠠᠰᠠᠭᠤᠳᠠᠯ ᠢ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠰᠢᠶᠳᠪᠦᠷᠢᠯᠡᠬᠦ ᠶᠢ ᠪᠡᠶᠡᠯᠡᠭᠦᠯᠦᠨ᠎ᠡ  ᠃       ᠸᠠᠩ ᠯᠢ ᠰᠢᠶᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠠᠶᠢᠲᠤᠷ ᠠᠳᠬᠤᠬᠤ ᠬᠠᠷᠢᠭᠤᠴᠠᠯᠭ᠎ᠠ ᠬᠦᠨᠳᠦ ᠪᠠᠶᠢᠨ᠎ᠠ᠂ ᠥᠴᠦᠬᠡᠨ ᠴᠦ ᠠᠯᠮᠠᠶᠢᠷᠠᠨ ᠰᠤᠯᠠᠷᠠᠭᠤᠯᠵᠤ ᠪᠣᠯᠬᠤ ᠦᠭᠡᠢ᠂ ᠥᠴᠦᠬᠡᠨ ᠴᠦ ᠠᠯᠮᠠᠶᠢᠷᠠᠵᠤ ᠪᠣᠯᠬᠤ ᠦᠭᠡᠢ᠂ ᠶᠠᠮᠠᠷ ᠴᠤ ᠬᠠᠷᠢᠭᠤᠴᠠᠯᠭ᠎ᠠ ᠠᠯᠳᠠᠵᠤ ᠪᠣᠯᠬᠤ ᠦᠭᠡᠢ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠠᠳᠬᠤᠬᠤ ᠬᠡᠷᠡᠭᠲᠡᠢ  ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠠᠶᠢᠩᠭᠤ ᠶᠢᠨ ᠴᠢᠨᠠᠷᠲᠠᠢ ᠪᠠᠷ ᠤᠷᠳᠤ ᠬᠤᠭᠤᠴᠠᠭ᠎ᠠ ᠪᠦᠲᠦᠮᠵᠢᠲᠡᠢ ᠥᠷᠨᠢᠭᠦᠯᠵᠦ᠂ ᠠᠶᠤᠩᠭ᠎ᠠ ᠴᠠᠬᠢᠯᠭᠠᠨ ᠳᠤ ᠴᠣᠬᠢᠭᠳᠠᠭᠰᠠᠨ ᠴᠤ ᠦᠯᠦ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠪᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠭᠰᠠᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠴᠢᠩᠭ᠎ᠠ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠠᠬᠢᠭᠤᠯᠵᠤ᠂ ᠵᠡᠷᠭᠡ ᠪᠠᠷ ᠬᠢᠨᠠᠨ ᠰᠢᠯᠭᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠶᠠᠪᠤᠳᠠᠯ ᠪᠦᠬᠦᠨ ᠢ ᠬᠢᠬᠦ ᠬᠥᠮᠦᠨ ᠲᠠᠢ᠂ ᠴᠠᠭ ᠢᠮᠠᠭᠲᠠ ᠬᠢᠨᠠᠯᠲᠠ ᠬᠠᠮᠢᠶᠠᠷᠤᠯᠲᠠ ᠲᠠᠢ ᠪᠠᠶᠢᠬᠤ ᠶᠢ ᠪᠡᠶᠡᠯᠡᠭᠦᠯᠵᠦ᠂ ᠬᠡᠦᠬᠡᠳ ᠤᠳ ᠲᠤ ᠦᠨᠡᠨ ᠬᠦ ᠡᠷᠡᠭᠦᠯ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠠᠶᠠᠷ ᠪᠠᠶᠠᠰᠤᠯ ᠲᠠᠢ ᠦᠰᠦᠨ ᠪᠣᠶᠢᠵᠢᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ  ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ  ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ᠂ ᠪᠦ᠋ᠦ ᠰᠢᠶᠠᠨ ᠬᠤᠸᠠ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ  ᠳᠤ ᠣᠷᠣᠯᠴᠠᠵᠠᠶ  ᠃
 
ᠢᠷᠡᠯᠲᠡ᠄ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号