ᠯᠢᠨ ᠱᠣᠤ ᠴᠦᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠤᠨ ᠲᠡᠷᠢᠭᠦᠨ ᠤ ᠵᠢᠱᠢᠶᠡᠴᠢ ᠲᠥᠯᠥᠭᠡᠯᠡᠭᠴᠢᠳ ᠲᠠᠢ ᠶᠠᠷᠢᠯᠴᠠᠬᠤ ᠳᠠᠭᠠᠨ ᠴᠢᠬᠤᠯᠠᠴᠢᠯᠠᠭᠰᠠᠨ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ
ᠨᠡᠶᠢᠲᠡᠯᠡᠭᠰᠡᠨ ᠴᠠᠭ᠄
2021/11/23
      11 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ 《 ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ 》 ᠢ ᠯᠢ ᠵᠢᠶᠧ ᠪᠣᠯᠤᠨ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ 《 ᠬᠠᠮᠤᠭ ᠤᠨ ᠭᠤᠶᠣ ᠵᠠᠬᠢᠳᠠᠯ ᠰᠤᠷᠪᠤᠯᠵᠢᠯᠠᠯ ᠤᠨ ᠺᠠᠳ᠋ᠷ 》 ᠤᠨ ᠨᠡᠷ᠎ᠡ ᠳᠤᠷᠠᠳᠤᠭᠳᠠᠭᠴᠢ ᠦ ᠬᠤᠩ ᠸᠧᠶ ᠲᠠᠢ ᠶᠠᠷᠢᠯᠴᠠᠪᠠ  ᠃ ᠲᠡᠷᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ  ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ  ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠶᠠᠷᠢᠯᠴᠠᠬᠤ ᠬᠤᠷᠠᠯ ᠳᠤ ᠣᠷᠣᠯᠴᠠᠪᠠ  ᠃      ᠯᠢᠨ ᠱᠤᠤ ᠴᠦᠨ ᠲᠡᠷᠢᠭᠦᠨ ᠤ ᠵᠢᠱᠢᠶᠡᠴᠢ ᠶᠢᠨ ᠲᠥᠯᠥᠭᠡᠯᠡᠭᠴᠢ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠤᠷᠳᠤ ᠬᠤᠭᠤᠴᠠᠭ᠎ᠠ ᠪᠠᠷ ᠰᠢᠷᠭᠠᠭᠤ ᠬᠠᠲᠠᠭᠤᠵᠢᠯᠲᠠᠢ ᠠᠵᠢᠯᠯᠠᠭᠰᠠᠨ᠂ ᠬᠠᠷᠠᠮ ᠦᠭᠡᠢ ᠵᠢᠳᠬᠦᠭᠰᠡᠨ ᠥᠷᠭᠡᠨ ᠤᠯᠠᠨ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠲᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠷᠢᠭᠦᠨ ᠤ ᠵᠢᠱᠢᠶᠡᠴᠢ ᠶᠢᠨ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠶᠡᠭᠡ ᠠᠮᠵᠢᠯᠲᠠ ᠤᠯᠬᠤ ᠪᠠᠷ ᠴᠢᠷᠮᠠᠶᠢᠬᠤ ᠶᠢ ᠵᠣᠷᠢᠭᠵᠢᠭᠤᠯᠵᠤ᠂ ᠥᠷᠭᠡᠨ ᠤᠯᠠᠨ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠢ ᠲᠡᠳᠡᠨ ᠢᠶᠠᠷ ᠳᠠᠭᠤᠷᠢᠶᠠᠯ ᠪᠣᠯᠭᠠᠵᠤ᠂ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠢᠶᠠᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠱᠠᠭᠠᠷᠳᠠᠪᠠ  ᠃      ᠯᠢᠨ ᠱᠤᠤ ᠴᠦᠨ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠮᠠᠰᠢ ᠴᠢᠬᠤᠯᠠ ᠠᠵᠢᠯ ᠮᠥᠨ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠲᠤᠬᠠᠶᠢᠯᠠᠭᠰᠠᠨ ᠠᠵᠢᠯ ᠤᠨ ᠴᠢᠨᠠᠷ᠂ ᠤᠯᠠᠨ ᠲᠦᠮᠡᠨᠴᠢ ᠴᠢᠨᠠᠷ ᠲᠠᠢ ᠶᠤᠮ  ᠃ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠪᠣᠯᠤᠨ ᠥᠷᠭᠡᠨ ᠣᠯᠠᠨ ᠵᠠᠬᠢᠳᠠᠯ ᠰᠤᠷᠪᠤᠯᠵᠢᠯᠠᠯ ᠤᠨ ᠺᠠᠳ᠋ᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠣᠶ ᠪᠣᠯᠭᠠᠵᠤ᠂ 《 ᠬᠤᠶᠠᠷ ᠢ ᠲᠣᠭᠲᠠᠭᠠᠬᠤ 》 ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《 ᠬᠤᠶᠠᠷ ᠢ ᠲᠣᠭᠲᠠᠭᠠᠬᠤ 》 ᠶᠢ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠶ  ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠳᠤᠮᠳᠠᠳᠤ ᠤᠯᠤᠰ  ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠪᠤᠢ ᠭᠡᠬᠦ ᠡᠨᠡ ᠬᠦ ᠦᠨᠳᠦᠰᠦᠨ ᠠᠰᠠᠭᠤᠳᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠬᠢᠵᠦ᠂ ᠤᠯᠠᠨ ᠲᠦᠮᠡᠨ ᠤ ᠪᠠᠴᠢᠮ ᠲᠤᠯᠭᠠᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ  ᠃ ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠠᠷᠠᠳ ᠤᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ 《 ᠭᠤᠷᠪᠠ ᠶᠢ ᠪᠣᠳᠠᠲᠠᠶᠢᠵᠢᠭᠤᠯᠬᠤ ᠨᠢᠭᠡ ᠶᠢ ᠰᠢᠢᠳᠪᠦᠷᠢᠯᠡᠬᠦ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠬᠦ ᠬᠡᠷᠡᠭᠲᠡᠢ  ᠃ ᠬᠠᠷᠠᠮ ᠦᠭᠡᠢ ᠵᠣᠷᠢᠭᠤᠯᠵᠤ᠂ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠭᠴᠠᠭᠠᠷᠳᠠᠯ ᠢ ᠲᠡᠰᠪᠦᠷᠢᠯᠡᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠬᠢᠯᠢᠰᠳᠡᠯ ᠢ ᠲᠡᠰᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠡᠷᠬᠢᠮ ᠳᠡᠭᠡᠳᠦ ᠦᠢᠯᠡᠰ ᠪᠣᠯᠭᠠᠨ ᠬᠥᠭᠡᠭᠡᠴᠡᠯᠳᠦᠵᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ᠂ ᠠᠷᠠᠳ  ᠤᠨ ᠬᠦᠴᠢᠷᠳᠡᠯ ᠢ ᠰᠢᠢᠳᠪᠦᠷᠢᠯᠡᠬᠦ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ  ᠃       ᠯᠢᠨ ᠱᠤᠤ ᠴᠦᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠯ  ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠵᠠᠬᠢᠳᠠᠯ ᠰᠤᠷᠪᠤᠯᠵᠢᠯᠠᠯ ᠤᠨ ᠠᠵᠢᠯ ᠢ ᠶᠡᠬᠡᠪᠡᠷ ᠲᠡᠮᠵᠢᠵᠥ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号