ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠠᠶᠢᠬᠠᠨ ᠲᠣᠭᠤᠷᠢᠭ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2021/11/25
    11 ᠳ᠋ᠦ᠋ᠭᠡᠷ ᠰᠠᠷ᠎ᠠ ᠶᠢᠨ 23 ᠤ ᠡᠳᠦᠷ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠲᠣᠭᠤᠷᠢᠭ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠢᠯᠧᠲ ᠥᠭᠬᠦ ᠡᠳᠦᠷ ᠪᠣᠯᠤᠨ᠎ᠠ  ᠃ ᠰᠠᠶᠢᠬᠠᠨ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠪᠥᠬᠦ ᠠᠵᠢᠯᠲᠠᠨ ᠠᠵᠢᠯᠴᠢᠨ ᠰᠣᠩᠭᠤᠭᠤᠯᠢ ᠶᠢᠨ ᠠᠷᠠᠳ ᠠᠷᠠᠳᠴᠢᠯᠠᠯ ᠤᠨ ᠡᠷᠬᠡ ᠪᠠᠨ ᠬᠢᠨᠠᠮᠠᠭᠠᠶ ᠬᠡᠷᠡᠭᠵᠢᠭᠦᠯᠵᠦ᠂ ᠰᠠᠶᠢᠬᠠᠨ ᠲᠣᠭᠤᠷᠢᠭ ᠤᠨ ᠶᠢᠰᠦᠳᠦᠭᠡᠷ ᠰᠣᠩᠭᠤᠭᠤᠯᠢ ᠶᠢᠨ ᠲᠣᠭᠤᠷᠢᠭ ᠤᠨ ᠪᠢᠯᠧᠲ ᠥᠭᠬᠦ ᠥᠷᠲᠡᠭᠡ ᠳᠤ ᠲᠥᠪ ᠴᠢᠩᠭ᠎ᠠ ᠰᠣᠩᠭᠤᠭᠤᠯᠢ ᠶᠢᠨ ᠪᠢᠯᠧᠲ ᠥᠭᠴᠦ᠂ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠪᠠ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ᠂ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ᠂ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠲᠤᠬᠠᠶ ᠶᠢᠨ ᠲᠠᠯᠠᠪᠠᠶ ᠳᠤ ᠬᠦᠷᠴᠦ ᠪᠢᠯᠧᠲ ᠥᠭᠪᠡ  ᠃ ᠰᠠᠶᠢᠬᠠᠨ ᠲᠣᠭᠤᠷᠢᠭ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠠᠮ ᠤᠨ ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ ᠤᠨ ᠵᠦ ᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠲᠤᠬᠠᠶ ᠶᠢᠨ ᠲᠠᠯᠠᠪᠠᠢ ᠳᠤ ᠬᠦᠷᠴᠦ ᠬᠢᠨᠠᠨ ᠵᠢᠯᠣᠭᠤᠳᠪᠠ  ᠃
      ᠪᠢᠯᠧᠲ ᠥᠭᠬᠦ ᠶᠣᠰᠣᠯᠠᠯ ᠡᠬᠢᠯᠡᠭᠰᠡᠨ ᠤ ᠳᠠᠷᠠᠭ᠎ᠠ᠂ ᠠᠵᠢᠯᠲᠠᠨ ᠤ ᠵᠣᠬᠢᠶᠠᠨ ᠪᠠᠶᠢᠭᠤᠯᠤᠯᠲᠠ ᠳᠣᠣᠷ᠎ᠠ᠂ ᠠᠵᠢᠯᠲᠠᠨ ᠠᠵᠢᠯᠴᠢᠨ ᠰᠣᠩᠭᠤᠭᠤᠯᠢ ᠶᠢᠨ ᠠᠷᠠᠳ ᠡᠮᠬᠢ ᠵᠢᠷᠤᠮ ᠲᠠᠢ ᠪᠠᠷ ᠰᠣᠩᠭᠤᠭᠤᠯᠢ ᠶᠢᠨ ᠪᠢᠯᠧᠲ ᠢᠶᠠᠨ ᠠᠪᠴᠤ᠂ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠶ ᠰᠣᠨᠣᠰᠴᠤ᠂ ᠨᠠᠷᠢᠨ ᠨᠢᠮᠪᠠᠶ ᠲᠠᠭᠯᠠᠨ ᠪᠢᠴᠢᠵᠦ᠂ ᠪᠢᠯᠧᠲ ᠤᠨ ᠬᠠᠶᠢᠷᠴᠠᠭ ᠤᠨ ᠡᠮᠦᠨ᠎ᠡ ᠬᠦᠷᠴᠦ᠂ ᠠᠷᠢᠭᠤᠨ ᠳᠠᠷᠬᠠᠨ ᠪᠢᠯᠧᠲ ᠢᠶᠠᠨ ᠲᠥᠪ ᠴᠢᠩᠭ᠎ᠠ ᠪᠠᠷ ᠲᠠᠯᠪᠢᠪᠠ  ᠃ ᠪᠢᠯᠧᠲ ᠥᠭᠬᠦ ᠳᠤ ᠲᠠᠶᠢᠯᠪᠤᠷᠢᠯᠠᠬᠤ ᠭᠠᠵᠠᠷ᠂ ᠰᠢᠯᠭᠠᠨ ᠪᠠᠲᠤᠯᠠᠬᠤ ᠪᠠ ᠪᠢᠯᠧᠲ ᠥᠭᠬᠦ ᠭᠠᠵᠠᠷ᠂ ᠪᠢᠯᠧᠲ ᠪᠢᠴᠢᠬᠦ ᠭᠠᠵᠠᠷ ᠵᠡᠷᠭᠡ ᠶᠢ ᠲᠤᠬᠢᠷᠠᠭᠤᠯᠵᠤ᠂ ᠪᠢᠯᠧᠲ ᠥᠭᠬᠦ ᠠᠵᠢᠯ ᠡᠮᠬᠢ ᠳᠢᠭᠯᠢᠮ ᠲᠠᠢ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠬᠦᠷ ᠬᠥᠭᠵᠢᠶᠡᠨ ᠲᠠᠢ ᠪᠠᠶᠢᠯ᠎ᠠ  ᠃
     ᠰᠠᠶᠢᠬᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠢᠯᠧᠲ ᠥᠭᠴᠦ ᠰᠣᠩᠭᠤᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠴᠢᠬᠤᠯᠠ ᠡᠭᠦᠷᠭᠡ ᠮᠥᠨ᠂ ᠠᠷᠠᠳ ᠤᠨ ᠠᠷᠠᠳᠴᠢᠯᠠᠯ ᠤᠨ ᠬᠠᠮᠤᠭ ᠤᠨ ᠠᠮᠢᠳᠤᠯᠢᠭ᠂ ᠬᠠᠮᠤᠭ ᠤᠨ ᠰᠢᠭᠤᠳ ᠢᠯᠡᠷᠡᠯ ᠮᠥᠨ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠭᠤᠯᠭ᠎ᠠ  ᠶᠢᠨ ᠨᠠᠮ ᠤᠨ ᠬᠤᠷᠢᠶ᠎ᠠ ᠪᠠᠷ ᠪᠦᠷᠢᠯᠳᠦᠭᠰᠡᠨ ᠰᠣᠩᠭᠤᠭᠤᠯᠢ ᠶᠢᠨ ᠠᠵᠢᠯ ᠤᠨ ᠳᠤᠭᠤᠶᠢᠯᠠᠩ ᠪᠠᠶᠢᠭᠤᠯᠵᠤ᠂ ᠰᠣᠩᠭᠤᠭᠤᠯᠢ ᠶᠢᠨ ᠠᠷᠠᠳ ᠢ ᠪᠦᠷᠢᠳᠬᠡᠨ ᠳᠠᠩᠰᠠᠯᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠰᠤᠷᠤᠯᠴᠠᠵᠤ᠂ ᠪᠠᠲᠤ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠣᠩᠭᠤᠭᠤᠯᠢ ᠶᠢᠨ ᠠᠷᠠᠳ ᠨᠢᠭᠡᠪᠦᠷᠢ ᠶᠢᠨ ᠦᠨᠳᠦᠰᠦᠨ ᠬᠠᠤᠯᠢ ᠠᠴᠠ ᠣᠯᠭᠤᠭᠰᠠᠨ ᠠᠷᠠᠳᠴᠢᠯᠠᠯ ᠤᠨ ᠡᠷᠬᠡ ᠪᠠᠨ ᠭᠦᠶᠴᠡᠳ ᠬᠡᠷᠡᠭᠵᠢᠭᠦᠯᠬᠦ ᠶᠢ ᠦᠨᠡᠨ ᠬᠦ ᠪᠠᠲᠤᠯᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号