ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ  ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2021/11/25
      11 ᠳ᠋ᠦ᠋ᠭᠡᠷ ᠰᠠᠷ᠎ᠠ ᠶᠢᠨ 24 ᠤ ᠡᠳᠦᠷ᠂ ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠱᠤᠸᠠᠩ ᠠᠵᠢᠯ ᠤᠨ ᠱᠠᠭᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠢ ᠡᠷᠭᠢᠯᠡᠪᠡ  ᠃       ᠸᠠᠩ ᠯᠢ ᠰᠢᠶᠠ᠂ ᠪᠦᠬᠦ ᠣᠷᠣᠨ ᠤ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠰᠲ᠋ᠧᠮ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠪᠣᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠵᠠᠰᠠᠯᠲᠠ ᠶᠢ ᠠᠬᠢᠭᠤᠯᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠠᠬᠢᠭᠤᠯᠬᠤ ᠨᠢ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠶᠢ ᠭᠦᠨᠵᠡᠭᠡᠢ ᠠᠬᠢᠭᠤᠯᠬᠤ ᠳᠤ ᠵᠦᠭᠯᠡᠭᠦᠷ ᠤᠨ ᠦᠢᠯᠡᠳᠦᠯ ᠲᠠᠢ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠠᠬᠢᠭᠤᠯᠬᠤ  ᠳᠤ ᠪᠦᠬᠦ ᠲᠠᠯ᠎ᠠ ᠶᠢᠨ ᠴᠢᠨᠠᠷᠲᠠᠢ ᠨᠥᠯᠥᠭᠡ ᠲᠠᠢ ᠶᠤᠮ  ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠨᠡᠭᠡᠭᠡᠯᠲᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠨ᠂ ᠪᠥᠬᠦ ᠲᠠᠯ᠎ᠠ ᠪᠠᠷ ᠳᠡᠯᠭᠡᠷᠡᠭᠦᠯᠵᠦ᠂ ᠴᠢᠩᠭ᠎ᠠ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠ ᠴᠢᠩᠭ᠎ᠠ ᠬᠦᠴᠦᠲᠡᠶ ᠲᠦᠷᠢᠮ ᠲᠣᠭᠲᠠᠭᠠᠯ ᠤᠨ ᠠᠷᠭ᠎ᠠ ᠪᠠᠷᠢᠯ ᠢᠶᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠬᠡᠷᠡᠭᠲᠡᠶ  ᠃       ᠸᠠᠩ ᠯᠢ ᠰᠢᠶᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠪᠠ ᠤᠯᠤᠰ ᠲᠦᠷᠦ  ᠶᠢᠨ ᠠᠮᠢ ᠠᠬᠤᠢ ᠶᠢ ᠴᠡᠪᠡᠷᠰᠢᠭᠦᠯᠦᠨ ᠰᠡᠷᠭᠦᠭᠡᠬᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠦᠨᠳᠦᠷᠴᠡ ᠳᠤ ᠵᠣᠭᠰᠣᠨ᠂ ᠯᠢ ᠵᠢᠶᠠᠨ ᠫᠢᠩ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ ᠢᠶᠠᠷ ᠲᠤᠯᠢ ᠪᠣᠯᠭᠠᠵᠤ᠂ ᠲᠥᠯᠥᠪᠵᠢᠭᠦᠯᠭᠡ ᠶᠢᠨ ᠲᠦᠷᠦᠯ ᠵᠦᠢᠯ᠂ ᠪᠡᠯᠡ ᠮᠥᠩᠭᠦ ᠭᠠᠵᠠᠷ ᠰᠢᠷᠣᠢ᠂ ᠬᠥᠮᠦᠨ ᠰᠣᠩᠭᠤᠵᠤ ᠬᠥᠮᠦᠨ ᠬᠡᠷᠡᠭᠯᠡᠬᠦ᠂ ᠲᠦᠷᠢᠮ ᠲᠣᠭᠲᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠬᠡᠷᠡᠭ ᠶᠠᠪᠤᠳᠠᠯ ᠢ ᠪᠠᠶᠢᠴᠠᠭᠠᠨ ᠲᠤᠳᠤᠯᠠᠵᠤ᠂ ᠬᠥᠮᠦᠨ ᠢ ᠪᠠᠶᠢᠴᠠᠭᠠᠨ ᠲᠤᠳᠤᠯᠠᠵᠤ᠂ ᠠᠰᠠᠭᠤᠳᠠᠯ ᠢ ᠪᠠᠶᠢᠴᠠᠭᠠᠨ ᠲᠤᠳᠤᠯᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠬᠡᠷᠡᠭᠲᠡᠢ  ᠃ ᠠᠰᠠᠭᠤᠳᠠᠯ ᠢ ᠲᠤᠶᠢᠯᠪᠤᠷᠢᠲᠠᠶ ᠴᠡᠭᠴᠡᠯᠡᠨ ᠵᠠᠰᠠᠬᠤ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠥᠷᠥᠯ ᠵᠦᠶᠯ ᠬᠤᠪᠢᠶᠠᠨ ᠲᠣᠭᠲᠠᠭᠠᠵᠤ᠂ ᠵᠦᠶᠯ ᠳᠠᠷᠠᠭᠠᠯᠠᠨ ᠴᠠᠭ ᠤᠨ ᠬᠦᠰᠦᠨᠦᠭᠲᠦ᠂ ᠡᠭᠦᠷᠭᠡ ᠶᠢᠨ ᠬᠠᠭᠤᠳᠠᠰᠤ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠴᠢᠩᠭ᠎ᠠ ᠠᠳᠬᠤᠨ ᠪᠣᠳᠠᠲᠠᠶ ᠰᠠᠶᠢᠵᠢᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠬᠡᠷᠡᠭᠲᠡᠶ  ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠭᠦᠨᠵᠡᠭᠡᠶᠢᠷᠡᠭᠦᠯᠦᠨ ᠥᠷᠭᠡᠳᠬᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠤᠨ ᠨᠢᠮᠪᠠᠢ ᠰᠤᠳᠤᠯᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠳᠤᠲᠠᠭᠤᠳᠠᠯ ᠳᠤᠲᠠᠭᠳᠠᠯ ᠢᠶᠠᠨ ᠪᠣᠳᠠᠲᠠᠢ ᠨᠥᠬᠦᠪᠥᠷᠢᠯᠡᠵᠦ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠣᠷᠣᠨ ᠵᠠᠢ ᠶᠢ ᠠᠷᠢᠯᠭᠠᠨ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠠᠷᠢᠯᠭᠠᠵᠤ ᠂ 《 ᠭᠤᠷᠪᠠᠨ ᠰᠢᠨ᠎ᠡ 》 ᠶᠢᠨ ᠱᠠᠭᠠᠷᠳᠠᠯᠭ᠎ᠠ ᠶᠢ ᠲᠤᠭᠤᠰᠢᠯᠠᠭᠤᠯᠬᠤ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠪᠠᠭᠤᠷᠠᠢ ᠭᠤᠭᠴᠤᠭ᠎ᠠ ᠶᠢ ᠪᠠᠶᠢᠴᠠᠭᠠᠨ ᠦᠵᠡᠬᠦ ᠪᠠ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠪᠠᠷ ᠬᠥᠭᠵᠢᠭᠦᠯᠬᠦ ᠤᠳᠤᠷᠢᠳᠤᠮᠵᠢ ᠶᠢ ᠴᠢᠩᠭᠠᠳᠬᠠᠨ᠂ ᠪᠦᠲᠦᠴᠡ ᠶᠢ ᠲᠤᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠪᠲᠤᠯᠤᠯᠲᠠ ᠬᠢᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ  ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢᠶᠠᠨ ᠪᠦᠷᠢᠨᠰᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠶᠢᠳᠠᠪᠤᠷᠢᠵᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ  ᠃         ᠯᠢᠦ ᠱᠤᠸᠠᠩ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠢᠶᠠᠨ ᠨᠡᠮᠡᠭᠳᠡᠭᠦᠯᠬᠦ ᠬᠡᠷᠡᠭᠲᠡᠶ᠂ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ᠂ 《 ᠬᠤᠶᠠᠷ ᠢ ᠬᠠᠮᠠᠭᠠᠯᠠᠬᠤ 》 ᠶᠢ ᠦᠶᠯᠡᠳᠦᠯᠭᠡᠵᠢᠭᠦᠯᠦᠶ᠎ᠡ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠪᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢ ᠰᠢᠪᠠᠳᠠᠬᠤ᠂ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠭᠤᠣᠯ ᠴᠣᠭᠴᠠ  ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ  ᠢᠶᠠᠷ ᠵᠠᠰᠠᠯᠲᠠ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠵᠦ ᠰᠡᠷᠭᠦᠭᠡᠨ᠎ᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠂ ᠨᠡᠭᠡᠭᠡᠯᠲᠡ ᠶᠢᠨ ᠣᠷᠣᠨ  ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ  ᠃       ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠡᠯ᠎ᠡ ᠬᠤᠰᠢᠭᠤ ᠰᠢᠶᠠᠨ ( ᠬᠤᠲᠠ ᠲᠣᠭᠤᠷᠢᠭ ) ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ  ᠳᠤ ᠣᠷᠣᠯᠴᠠᠵᠠᠶ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号