ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠲᠦᠮᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠶᠯᠡᠴᠢᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠶ᠎ᠡ
ᠨᠡᠶᠢᠲᠡᠯᠡᠭᠰᠡᠨ ᠴᠠᠭ᠄
2021/11/29
      2021 ᠣᠨ ᠤ 11 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠩ ᠭᠦᠨ ᠳᠠᠪᠬᠤᠷᠭ᠎ᠠ ᠳᠠᠰᠢ ᠠᠬᠢᠭᠤᠯᠤᠨ᠂ ᠲᠦᠮᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠶᠯᠡᠴᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠬᠤ ᠶᠢᠨ ᠲᠥᠯᠥᠭᠡ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ ᠪᠠ ᠤᠯᠠᠷᠢᠭᠤᠯᠬᠤ ᠭᠠᠵᠠᠷ ᠤᠨ ᠨᠠᠮ ᠤᠨ ᠡᠭᠦᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠪ ᠤᠨ ᠨᠠᠮ ᠤᠨ ᠡᠭᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ  ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠤᠨ ᠭᠠᠵᠠᠷ ᠤᠨ ᠨᠠᠮ ᠤᠨ ᠡᠭᠦᠷ ᠬᠥᠬᠡᠬᠤᠲᠠ ᠶᠢᠨ ᠰᠠᠶᠢᠬᠠᠨ ᠲᠣᠭᠤᠷᠢᠭ ᠤᠨ ᠢᠦ᠋ᠶ ᠯᠢᠨ ᠪᠠᠯᠭᠠᠰᠤᠨ ᠤ ᠨᠠᠮ ᠤᠨ ᠬᠤᠷᠢᠶ᠎ᠠ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ  ᠃ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠥᠪ ᠤᠨ ᠨᠠᠮ ᠤᠨ ᠡᠭᠦᠷ ᠤᠨ ᠱᠦᠵᠢ ᠮᠠ ᠵᠢᠶ ᠳ᠋ᠦᠩ ᠡᠷᠭᠢᠯᠡᠵᠦ᠂ ᠢᠦ᠋ᠶ ᠯᠢᠨ ᠪᠠᠯᠭᠠᠰᠤᠨ ᠤ ᠨᠠᠮ ᠤᠨ ᠬᠤᠷᠢᠶᠠᠨ ᠤ ᠬᠡᠰᠡᠭ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ  ᠃
            ᠠᠵᠢᠯᠯᠠᠭ᠎ᠠ ᠶᠢ ᠡᠩ ᠲᠡᠷᠢᠭᠦᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠦᠷ᠎ᠡ ᠪᠦᠲᠦᠭᠡᠯ ᠤᠨ ᠭᠠᠵᠠᠷ ᠤᠨ ᠨᠠᠮ ᠤᠨ ᠡᠭᠦᠷ ᠤᠨ ᠱᠦᠵᠢ ᠶᠢᠨ ᠯᠦᠩ ᠨᠥᠬᠦᠷ ᠤᠯᠠᠨ ᠢ ᠳᠠᠭᠠᠭᠤᠯᠤᠨ 《 ᠨᠠᠮ  ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ 》 ᠶᠢ ᠰᠤᠷᠤᠯᠴᠠᠵᠠᠢ  ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ ᠤᠨ ᠱᠦᠵᠢ ᠸᠠᠩ ᠰᠡᠴᠡᠨ ᠲᠦᠮᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ ᠤ ᠦᠨᠳᠦᠰᠦᠨ ᠱᠠᠲᠤᠨ ᠳᠤ ᠦᠶᠯᠡᠴᠢᠯᠡᠬᠦ ᠠᠵᠢᠯᠯᠠᠭ᠎ᠠ ᠶᠢᠨ ᠲᠤᠬᠠᠶ ᠲᠠᠶᠢᠯᠤᠮᠵᠢ ᠬᠢᠭᠰᠡᠨ ᠪᠥᠭᠡᠳ ᠡᠷᠭᠢᠴᠡᠭᠦᠯᠦᠯ ᠪᠠ ᠳ᠋ᠦᠩᠨᠡᠯᠲᠡ ᠬᠢᠪᠡ᠂ ᠢᠯᠠᠩᠭᠤᠶ᠎ᠠ 9 ᠰᠠᠷ᠎ᠠ ᠳᠤ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠡᠪᠡᠰᠦ ᠰᠤᠳᠤᠯᠬᠤ ᠭᠠᠵᠠᠷ ᠤᠨ ᠵᠢᠶᠠᠩ ᠸᠧᠶ ᠰᠤᠳᠤᠯᠤᠭᠴᠢ ᠶᠢ ᠵᠣᠬᠢᠶᠠᠨ ᠪᠠᠶᠢᠭᠤᠯᠤᠨ᠎ᠠ᠂ ᠴᠢᠬᠡᠴᠢ ᠵᠣᠷᠢᠭᠲᠤ ᠰᠤᠳᠤᠯᠤᠭᠴᠢ᠂ ᠯᠢᠦ ᡁᠢ ᠰᠢᠶᠦ᠋ᠩ ᠰᠤᠳᠤᠯᠤᠭᠴᠢ᠂ ᠵᠠᠩ ᠰᠢᠩ ᠹᠦ᠋ ᠳᠡᠳ᠋ ᠰᠤᠳᠤᠯᠤᠭᠴᠢ᠂ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠪᠠ ᠲᠠᠷᠢᠶᠠᠴᠢᠨ ᠡᠷᠦᠬᠡ ᠲᠠᠢ ᠶᠠᠷᠢᠯᠴᠠᠪᠠ᠂ ᠦᠨᠳᠦᠰᠦᠨ ᠱᠠᠲᠤᠨ ᠳᠤ ᠶᠠᠭᠤ ᠬᠡᠷᠡᠭᠰᠡᠬᠦ ᠪᠤᠢ᠂ ᠲᠤᠰᠬᠠᠶ ᠮᠡᠷᠭᠡᠵᠢᠯᠲᠡᠨ ᠶᠠᠭᠤ ᠬᠦᠷᠭᠡᠬᠦ 》 ᠶᠢᠨ ᠵᠣᠷᠢᠯᠲᠠ᠂ ᠡᠬᠢ ᠪᠠᠶᠠᠯᠢᠭ ᠤᠨ ᠨᠠᠷᠢᠨ ᠬᠠᠭᠤᠳᠠᠰᠤ ᠪᠠ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠵᠣᠯᠭᠠᠭᠤᠯᠬᠤ ᠬᠡᠷᠡᠭᠲᠡᠶ᠂ ᠦᠶᠯᠡᠴᠢᠯᠡᠭᠡᠨ ᠤ ᠠᠵᠢᠯᠯᠠᠭ᠎ᠠ ᠶᠢ ᠣᠨᠣᠪᠴᠢᠲᠠᠶ ᠥᠷᠨᠢᠭᠦᠯᠦᠨ᠎ᠡ  ᠃ ᠲᠤᠰᠬᠠᠶ ᠮᠡᠷᠭᠡᠵᠢᠯᠲᠡᠨ ᠤ ᠪᠦᠯᠬᠦᠮ ᠤᠷᠢᠳ ᠬᠤᠵᠢᠳ ᠰᠠᠶᠢᠬᠠᠨ ᠲᠣᠭᠤᠷᠢᠭ ᠤᠨ ᠢᠦ᠋ᠶ ᠯᠢᠨ ᠪᠠᠯᠭᠠᠰᠤᠨ ᠤ ᠳ᠋ᠦᠩ ᠭᠠᠨ ᠵᠠᠩ᠂ ᠡᠯ ᠳ᠋ᠤᠤ ᠾᠧ᠂ ᠲᠣᠪᠤᠴᠢ᠂ ᠴᠤᠭᠤᠷᠠᠶ ᠵᠡᠷᠭᠡ ᠣᠯᠠᠨ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠪᠠ  ᠃ ᠲᠠᠷᠢᠶᠠᠴᠢᠳ ᠤᠨ ᠵᠢᠮᠢᠰ ᠨᠣᠭᠤᠭ᠎ᠠ ᠶᠢᠨ ᠦᠷ᠎ᠡ ᠰᠣᠩᠭᠤᠬᠤ᠂ ᠬᠦᠯᠡᠮᠵᠢ  ᠶᠢᠨ ᠫᠧᠩ ᠲᠠᠷᠢᠬᠤ᠂ ᠰᠢᠷᠣᠶ ᠨᠡᠮᠡᠵᠦ ᠪᠣᠷᠳᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠪᠦᠬᠦ ᠲᠠᠯ᠎ᠠ ᠠᠴᠠ ᠪᠣᠯᠪᠠᠰᠤᠷᠠᠭᠤᠯᠤᠯ ᠬᠢᠵᠦ ᠵᠢᠭᠠᠨ ᠵᠢᠯᠣᠭᠤᠳᠬᠤ ᠬᠡᠷᠡᠭᠲᠡᠶ  ᠃ ᠮᠡᠷᠭᠡᠵᠢᠯ ᠤᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠲᠥᠷᠥᠯ ᠵᠦᠶᠯ ᠤᠨ ᠬᠠᠮᠲᠤᠷᠠᠯᠴᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠣᠰᠬᠤᠨ ᠤ ᠠᠷᠠᠳ ᠤᠨ ᠪᠡᠶᠡᠵᠢᠨ ᠴᠢᠨᠡᠭᠡᠯᠢᠭᠵᠢᠬᠦ ᠬᠠᠷᠠᠭ᠎ᠠ ᠪᠠ ᠰᠡᠳᠬᠢᠮᠵᠢ ᠶᠢ ᠥᠷᠭᠡᠳᠬᠡᠨ᠎ᠡ  ᠃ ᠲᠤᠰᠬᠠᠶ ᠮᠡᠷᠭᠡᠵᠢᠯᠲᠡᠨ ᠴᠢᠳᠠᠪᠤᠷᠢᠲᠠᠨ ᠬᠥᠳᠡᠭᠡ ᠲᠣᠰᠬᠤᠨ ᠳᠤ ᠣᠷᠣᠵᠤ 《 ᠣᠶᠤᠨ ᠴᠢᠳᠠᠪᠤᠷᠢ 》 ᠪᠠᠷ ᠬᠤᠶᠠᠷ ᠢ ᠲᠡᠳᠬᠦᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠳᠤ 《 ᠴᠢᠰᠤ ᠶᠡᠭᠦᠯᠡᠬᠦ 》 ᠠᠴᠠ ᠦᠨᠳᠦᠰᠦᠨ ᠱᠠᠲᠤᠨ ᠳᠤ 《 ᠴᠢᠰᠤ ᠪᠦᠲᠦᠭᠡᠬᠦ 》 ᠬᠦᠷᠲᠡᠯ᠎ᠡ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠣᠶᠤᠨ ᠤᠬᠠᠭᠠᠨ ᠢᠶᠠᠷ ᠲᠡᠮᠡᠭᠡᠲᠦ ᠪᠠᠯᠭᠠᠰᠤᠨ ᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢ ᠢᠯᠡᠷᠡᠭᠦᠯᠵᠦ᠂ ᠲᠡᠮᠡᠭᠡᠲᠦ ᠪᠠᠯᠭᠠᠰᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠪᠠ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠣᠶᠤᠨ ᠤᠬᠠᠭᠠᠨ ᠬᠥᠳᠡᠯᠭᠡᠬᠦ ᠬᠦᠴᠦᠨ ᠨᠡᠮᠡᠷᠢᠯᠡᠪᠡ  ᠃       ᠠᠵᠢᠯᠯᠠᠭ᠎ᠠ ᠶᠢᠨ ᠬᠤᠭᠤᠴᠠᠭᠠᠨ ᠳᠤ᠂ ᠵᠢᠶᠠᠩ ᠸᠧᠢ ᠰᠤᠳᠤᠯᠤᠭᠴᠢ ᠪᠠᠰᠠ ᠨᠢᠭᠡ ᠤᠳᠠᠭ᠎ᠠ ᠲᠠᠷᠢᠶᠠᠯᠠᠩ ᠤᠨ ᠰᠡᠯᠡᠭᠦᠦ ᠤᠯᠠᠷᠢᠯ ᠳᠤ᠂ ᠲᠥᠬᠦᠭᠡᠷᠦᠮᠵᠢ ᠵᠠᠯᠭᠠᠭ᠎ᠠ ᠪᠠᠷ ᠬᠦᠯᠡᠮᠵᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠢᠦ᠋ᠢ ᠯᠢᠨ ᠪᠠᠯᠭᠠᠰᠤᠨ ᠤ 30 ᠭᠠᠷᠤᠢ ᠲᠠᠷᠢᠶᠠᠴᠢᠨ ᠰᠤᠷᠤᠯᠴᠠᠯᠭ᠎ᠠ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ  ᠃  ᠃ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠬᠥᠭᠵᠢᠯᠲᠡ ᠶᠢᠨ ᠲᠥᠪ ᠤᠨ ᠨᠠᠮ ᠤᠨ ᠡᠭᠦᠷ ᠤᠨ ᠱᠦᠵᠢ ᠫᠧᠩ ᠱᠤᠸᠠᠩ ᠨᠥᠬᠦᠷ ᠪᠦᠬᠦ ᠨᠠᠮ ᠤᠨ ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠪᠠ  ᠃ ᠬᠠᠮᠤᠭ ᠰᠡᠭᠦᠯ ᠳᠤ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤᠬᠠᠶ ᠶᠢᠨ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ ᠰᠠᠭᠤᠷᠢᠨ ᠭᠠᠵᠠᠷ ᠢ ᠲᠣᠭᠤᠷᠢᠨ ᠦᠵᠡᠪᠡ  ᠃
        ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠰᠢᠶᠳᠪᠦᠷᠢ ᠳᠡᠭᠡᠷ᠎ᠡ ᠨᠢᠭᠡᠳᠬᠡᠨ᠎ᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠶ︔ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠨᠠᠮ ᠤᠨ ᠲᠥᠪ ᠬᠤᠷᠢᠶ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠬᠤᠷᠠᠯᠳᠤᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠮᠠᠨ ᠤ ᠨᠠᠮ ᠤᠨ ᠲᠡᠦᠬᠡ ᠶᠢᠨ ᠵᠢᠮ᠎ᠡ ᠶᠣᠰᠣ ᠶᠢ ᠴᠢᠬᠤᠯᠠᠴᠢᠯᠠᠬᠤ ᠪᠠ ᠴᠢᠳᠠᠮᠠᠭᠠᠢ ᠬᠡᠷᠡᠭᠯᠡᠬᠦ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠦᠬᠦᠢ ᠮᠠᠷᠺᠰ ᠤᠨ ᠦᠵᠡᠯ ᠤᠨ ᠲᠡᠦᠬᠡ ᠶᠢᠨ ᠪᠣᠳᠠᠰᠴᠢ ᠦᠵᠡᠯ ᠤᠨ ᠦᠵᠡᠯᠲᠡ ᠶᠢ ᠭᠦᠢᠴᠡᠳ ᠲᠠᠨᠢᠵᠤ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠢᠲᠡᠭᠡᠯ ᠪᠣᠯᠤᠨ ᠬᠠᠷᠢᠭᠤᠴᠠᠯᠭ᠎ᠠ ᠡᠭᠦᠷᠭᠡᠯᠡᠬᠦ ᠠᠭᠤᠤ ᠶᠡᠭᠡ ᠵᠣᠷᠢᠭ ᠰᠠᠨᠠᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ  ᠃ 《 ᠳᠥᠷᠪᠡᠨ ᠤᠬᠠᠮᠰᠠᠷ 》 ᠢᠶᠠᠨ ᠴᠢᠩᠭᠠᠳᠬᠠᠵᠤ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ  ᠢ ᠬᠠᠮᠠᠭᠠᠯᠠᠬᠤ 》 ᠶᠢ ᠪᠡᠶᠡᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ ᠦᠨᠳᠦᠰᠦᠨ ᠱᠠᠲᠤᠨ ᠳᠤ ᠦᠶᠯᠡᠴᠢᠯᠡᠬᠦ ᠠᠵᠢᠯ ᠢ ᠨᠠᠩ ᠯᠠᠪᠳᠠᠭᠤᠨ ᠪᠠᠲᠤᠲᠠᠶ ᠬᠢᠬᠦ ᠬᠡᠷᠡᠭᠲᠡᠶ  ᠃ ᠢᠯᠠᠩᠭᠤᠶ᠎ᠠ ᠲᠠᠷᠢᠶᠠᠴᠢᠨ ᠨᠠᠶᠢᠵᠠ ᠨᠠᠷ ᠡᠨᠡ ᠤᠳᠠᠭᠠᠨ ᠤ ᠥᠪᠡᠷᠮᠢᠴᠡ ᠣᠨᠴᠠᠯᠢᠭ ᠲᠠᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠰᠣᠨᠣᠰᠤᠭᠠᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠶᠢ ᠨᠡᠩ ᠢᠯᠡᠭᠦᠦ ᠮᠡᠳᠡᠷᠡᠵᠦ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠨᠡᠩ ᠢᠯᠡᠭᠦᠦ ᠮᠡᠳᠡᠷᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠲᠠᠷᠢᠶᠠᠴᠢᠨ ᠨᠠᠶᠢᠵᠠ ᠨᠠᠷ ᠤᠨ ᠪᠠᠴᠢᠮ ᠬᠦᠴᠢᠷ ᠵᠣᠪᠠᠭᠤᠷᠢ ᠶᠢ ᠰᠡᠳᠬᠢᠯ ᠳᠡᠭᠡᠨ ᠪᠤᠳᠤᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠭᠦᠭᠰᠡᠨ ᠢ ᠨᠡᠩ ᠢᠯᠡᠭᠦᠦ ᠮᠡᠳᠡᠷᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号