ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠲᠥᠪᠯᠡᠷᠡᠭᠦᠯᠦᠨ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2021/11/29
     11 ᠰᠠᠷ᠎ᠠ ᠶᠢᠨ 27 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠥᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠶᠡᠭᠡ ᠬᠤᠷᠠᠯ  ᠤᠨ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠭᠥᠯᠢᠶᠡᠨ ᠠᠪᠴᠤ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ  ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠢᠯᠡᠳᠬᠡᠯ ᠢ ᠨᠠᠷᠢᠨ ᠬᠢᠨᠠᠮᠠᠭᠠᠶ ᠰᠤᠷᠤᠯᠴᠠᠨ ᠰᠣᠨᠣᠰᠴᠤ᠂ ᠠᠭᠤᠷ ᠠᠮᠢᠰᠬᠤᠯ ᠥᠳᠬᠡᠨ᠂ ᠲᠤᠰᠬᠠᠯ ᠴᠢᠩᠭ᠎ᠠ ᠪᠠᠶᠢᠯ᠎ᠠ  ᠃
      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠬᠤᠸᠠᠩ ᠶᠠᠨ ᠪᠢᠨ᠄      《 ᠶᠡᠭᠡ ᠬᠤᠷᠠᠯ ᠠᠴᠠ ᠲᠠᠪᠤᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠣᠯᠤᠭᠰᠠᠨ ᠠᠮᠵᠢᠯᠲᠠ ᠪᠦᠲᠦᠮᠵᠢ ᠪᠣᠯᠤᠨ ᠲᠤᠷᠰᠢᠯᠭ᠎ᠠ ᠶᠢ ᠪᠦᠬᠦ ᠲᠠᠯ᠎ᠠ  ᠪᠠᠷ ᠳ᠋ᠦᠩᠨᠡᠵᠦ᠂ ᠢᠷᠡᠭᠡᠳᠦᠢ ᠶᠢᠨ ᠲᠠᠪᠤᠨ ᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯᠤᠨ ᠲᠡᠮᠡᠴᠡᠬᠦ ᠬᠠᠷᠠᠯᠲᠠ ᠶᠢ ᠲᠣᠳᠣᠷᠬᠠᠢ ᠲᠣᠭᠲᠠᠭᠠᠵᠤ᠂ ᠥᠭᠦᠯᠡᠯᠲᠡ ᠨᠢ ᠨᠡᠪᠲᠡᠷᠬᠡᠢ᠂ ᠠᠭᠤᠯᠤᠭᠳᠠᠬᠤᠨ ᠨᠢ ᠪᠠᠶᠠᠯᠢᠭ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠰᠢᠨ᠎ᠡ ᠱᠠᠭᠠᠷᠳᠠᠯᠭ᠎ᠠ ᠳᠤᠷᠠᠳᠴᠠᠢ  ᠃ ᠬᠤᠸᠠᠩ ᠶᠠᠨ ᠪᠢᠨ᠂ ᠱᠢ  ᠲᠠᠢ ᠹᠧᠩ ᠱᠦᠵᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠮᠡᠳᠡᠭᠦᠯᠦᠯᠲᠡ  ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠤᠨ 《 ᠰᠢᠨ᠎ᠡ ᠶᠢ ᠡᠭᠦᠳᠬᠦ ᠶᠢ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠥᠬᠦ ᠲᠠᠯ᠎ᠠ ᠶᠢᠨ ᠭᠤᠤᠯᠯᠠᠭᠴᠢ ᠪᠠᠶᠢᠷᠢᠨ ᠳᠤ ᠲᠠᠯᠪᠢᠬᠤ ᠬᠡᠷᠡᠭᠲᠡᠶ 》 ᠭᠡᠬᠦ ᠴᠢᠬᠤᠯᠠ ᠵᠢᠭᠠᠪᠤᠷᠢ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠭᠦᠶᠴᠡᠳ ᠢᠯᠡᠷᠡᠭᠦᠯᠵᠦ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠬᠥᠲᠥᠯᠥᠨ ᠳᠠᠭᠠᠭᠤᠯᠬᠤ ᠴᠢᠨᠠᠷ ᠲᠠᠢ ᠪᠠᠶᠢᠵᠤ᠂ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠵᠢᠷᠤᠮᠯᠠᠯ ᠪᠠ ᠵᠢᠯᠣᠭᠤᠳᠣᠯᠭ᠎ᠠ ᠬᠠᠩᠭᠠᠵᠤ᠂ ᠠᠯᠤᠰ ᠬᠡᠲᠦ ᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ  ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠵᠣᠷᠢᠭ ᠰᠠᠨᠠᠭ᠎ᠠ ᠶᠢ ᠡᠷᠡᠰ ᠰᠠᠶᠢᠲᠤᠷ ᠲᠤᠭᠤᠰᠢᠯᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ  ᠪᠠᠷ ᠴᠢᠩᠭᠠᠳᠬᠠᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ  ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃          ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ ᠲᠠ ᠯᠢᠨ᠄ 《 ᠪᠢᠳᠡ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ  ᠃         ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠰᠥᠩ ᡁᠢ ᠸᠧᠨ᠄         ᠪᠢᠳᠡ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ  ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 30 ᠵᠤᠷᠪᠤᠰ 》 ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠡᠯ᠎ᠡ ᠵᠦᠶᠯ ᠤᠨ ᠵᠠᠭᠤᠴᠢᠯᠠᠭᠤᠷ᠂ ᠠᠷᠭ᠎ᠠ ᠵᠠᠮ ᠪᠠ ᠬᠡᠯᠪᠡᠷᠢ ᠶᠢ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠭᠤᠤᠯ ᠴᠣᠭᠴᠠ ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠲᠥᠷᠥ  ᠶᠢᠨ ᠪᠣᠳᠣᠯᠭ᠎ᠠ ᠶᠢᠨ ᠠᠪᠴᠢᠷᠠᠭᠰᠠᠨ ᠠᠰᠢᠭ ᠲᠤᠰᠠ ᠶᠢ ᠦᠨᠡᠨᠬᠦ ᠬᠦᠷᠲᠡᠭᠡᠨ᠎ᠡ  ᠃ ᠰᠢᠨᠵᠢᠯᠡᠬᠦ ᠤᠬᠠᠭᠠᠨ ᠮᠡᠷᠭᠡᠵᠢᠯ  ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠨᠠᠩ ᠶᠡᠭᠡ ᠰᠥᠰᠥ ᠵᠣᠷᠢᠭ ᠢᠶᠠᠷ ᠵᠠᠰᠠᠭ ᠣᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠪᠦᠲᠦᠴᠡ ᠶᠢ ᠰᠢᠯᠢᠳᠡᠭᠵᠢᠭᠦᠯᠦᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠠᠮᠢᠶᠠᠷᠬᠤ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠥᠨᠳᠥᠷ ᠦᠷ᠎ᠡ ᠪᠦᠲᠦᠮᠵᠢᠲᠡᠶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠠᠩ ᠣᠨᠣᠪᠴᠢᠲᠠᠶ ᠵᠢᠯᠣᠭᠤᠳᠣᠯᠭ᠎ᠠ ᠪᠠ ᠦᠶᠯᠡᠴᠢᠯᠡᠭᠡ ᠶᠢ ᠬᠠᠩᠭᠠᠨ᠎ᠠ  ᠃        ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠲᠥᠪ ᠤᠨ ᠳᠡᠭᠡᠳᠦ ᠵᠡᠷᠭᠡ ᠶᠢᠨ ᠢᠨᠵᠧᠨᠧᠷ ᠵᠠᠩ ᠹᠦ᠋ ᠴᠢᠤᠸᠠᠨ᠄        ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠪᠣᠳᠠᠲᠠᠶ ᠠᠵᠢᠯ ᠤᠨ ᠳᠤᠮᠳᠠ᠂ ᠡᠨᠡ ᠤᠳᠠᠭ᠎ᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠣᠳᠣᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠨᠠᠩ ᠥᠷᠭᠡᠨ ᠬᠠᠷᠠᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠦᠶᠯᠡᠴᠢᠯᠡᠨ᠎ᠡ︔ ᠥᠪᠡᠷᠲᠡᠭᠡᠨ ᠵᠠᠰᠠᠬᠤ ᠣᠷᠣᠨ  ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠰᠤᠳᠤᠯᠤᠯ ᠤᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠶᠡᠭᠡ ᠬᠠᠨᠳᠤᠰᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ  ᠤᠨ ᠰᠢᠨ᠎ᠡ ᠴᠢᠭᠯᠡᠯ ᠢ ᠴᠠᠭ ᠲᠤᠨᠢ ᠲᠣᠬᠢᠷᠠᠭᠤᠯᠤᠨ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠨᠣᠪᠴᠢᠲᠠᠶ᠂ ᠪᠠᠷᠠᠯᠠᠯ ᠲᠠᠢ᠂ ᠴᠠᠭ ᠲᠤᠬᠠᠶ  ᠳᠤᠨᠢ ᠰᠠᠨᠠᠭᠤᠯᠭ᠎ᠠ ᠬᠠᠩᠭᠠᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠣ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号