ᠵᠠᠩ ᡁᠢ ᠺᠤᠸᠠᠨ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/11/29
     11 ᠳ᠋ᠦ᠋ᠭᠡᠷ ᠰᠠᠷ᠎ᠠ ᠶᠢᠨ 2425 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᡁᠢ ᠺᠤᠸᠠᠨ ᠨᠠᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠳᠤ ᠬᠦᠷᠴᠦ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠲᠤᠷᠰᠢᠯᠲᠠ ᠶᠢᠨ ᠠᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ  ᠃  
      ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ᠂ ᠵᠠᠩ ᡁᠢ ᠺᠤᠸᠠᠨ ᠲᠣᠰ ᠬᠦᠷᠢᠶᠡᠯᠡᠩ ᠤᠨ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠤᠨ ᠲᠥᠰᠦᠯ ᠢ ᠨᠠᠷᠢᠨ ᠬᠢᠨᠠᠮᠠᠭᠠᠶ ᠬᠢᠨᠠᠨ ᠦᠵᠡᠵᠦ᠂ ᠲᠣᠰ ᠬᠦᠷᠢᠶᠡᠯᠡᠩ ᠤᠨ ᠦᠷ᠎ᠡ ᠪᠦᠲᠦᠭᠡᠯ ᠢ ᠤᠯᠠᠷᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠷ᠎ᠡ ᠪᠦᠲᠦᠭᠡᠯ ᠢ ᠤᠯᠠᠷᠢᠭᠤᠯᠬᠤ ᠵᠥᠪᠯᠡᠯᠴᠡᠭᠡᠷ ᠤᠨ ᠪᠢᠴᠢᠭ ᠬᠠᠷ᠎ᠠ ᠶᠢ ᠲᠣᠭᠲᠠᠭᠠᠵᠤ᠂ ᠬᠤᠶᠠᠷ ᠵᠦᠶᠯ ᠤᠨ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠡᠷᠬᠡ ᠣᠯᠭᠤᠬᠤ ᠪᠠ ᠰᠢᠯᠵᠢᠭᠦᠯᠦᠨ ᠥᠭᠬᠦ ᠴᠤᠪᠤᠷᠠᠯ ᠳᠤ ᠣᠷᠣᠭᠤᠯᠬᠤ ᠶᠢ ᠠᠬᠢᠭᠤᠯᠤᠭᠰᠠᠨ ᠠᠷᠭ᠎ᠠ ᠬᠢᠳᠡᠯ ᠢ ᠨᠤᠲᠠᠯᠠᠪᠠ  ᠃       ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠳᠤ᠂ ᠵᠠᠩ ᡁᠢ ᠺᠤᠸᠠᠨ ᠡᠷᠬᠡ ᠣᠯᠭᠤᠬᠤ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠣᠯᠤᠭᠰᠠᠨ ᠲᠤᠷᠰᠢᠯᠭ᠎ᠠ ᠶᠢ ᠨᠠᠷᠢᠨ ᠣᠶᠢᠯᠠᠭᠠᠵᠤ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ 60 ᠭᠠᠷᠤᠶ ᠶᠡᠭᠡ ᠳᠡᠭᠡᠳᠦ ᠰᠤᠷᠭᠠᠭᠤᠯᠢ ᠶᠢᠨ ᠡᠷᠬᠡ ᠣᠯᠭᠤᠬᠤ ᠬᠠᠷᠢᠴᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠮᠡᠷᠭᠡᠵᠢᠯ ᠤᠨ ᠴᠣᠯᠠ ᠶᠢᠨ ᠴᠤᠪᠤᠷᠠᠯ ᠢ ᠪᠠᠶᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠰᠠᠶᠢᠰᠢᠶᠠᠪᠠ  ᠃        ᠵᠠᠩ ᡁᠢ ᠺᠤᠸᠠᠨ ᠬᠤᠶᠠᠷ ᠲᠤᠷᠰᠢᠯᠲᠠ ᠶᠢᠨ ᠴᠡᠭ ᠤᠨ ᠨᠢᠭᠡᠴᠢ ᠶᠢᠨ ᠤᠳᠤᠷᠢᠳᠤᠯᠭ᠎ᠠ ᠪᠣᠯᠤᠨ ᠲᠤᠬᠠᠶᠢᠯᠠᠭᠰᠠᠨ ᠠᠵᠢᠯ ᠤᠨ ᠭᠠᠵᠠᠷ ᠠᠯᠪᠠᠨ ᠬᠡᠷ ᠲᠠᠢ ᠶᠠᠷᠢᠯᠴᠠᠬᠤ ᠳᠠᠭᠠᠨ᠂ ᠡᠷᠬᠡ ᠣᠯᠭᠤᠬᠤ ᠥᠭᠡᠷᠡᠴᠢᠯᠡᠯᠲᠡ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠦᠷ᠎ᠡ ᠪᠦᠲᠦᠭᠡᠯ ᠢ ᠣᠨᠳᠣᠤᠰᠢᠭᠤᠯᠬᠤ ᠠᠷᠭ᠎ᠠ ᠵᠠᠮ ᠢ ᠰᠢᠯᠤᠭᠤᠳᠬᠠᠬᠤ᠂ ᠦᠨ᠎ᠡ ᠥᠷᠲᠡᠭ ᠲᠠᠢ᠂ ᠵᠠᠬ᠎ᠠ ᠳᠡᠯᠭᠡᠭᠦᠷ  ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠲᠦᠷᠭᠡᠨ ᠣᠨᠳᠣᠤᠰᠢᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ  ᠃ ᠲᠡᠷᠡ᠂ ᠡᠷᠬᠡ ᠣᠯᠭᠤᠬᠤ ᠶᠢ ᠦᠨᠡᠨ ᠬᠦ ᠪᠣᠳᠠᠲᠠᠶᠢᠵᠢᠭᠤᠯᠵᠤ᠂ ᠪᠣᠳᠠᠲᠠᠶ ᠠᠵᠢᠯ ᠤᠨ ᠳᠤᠮᠳᠠ ᠡᠷᠬᠡ ᠣᠯᠭᠤᠬᠤ ᠶᠢ ᠬᠢᠨᠠᠨ ᠵᠥᠪᠰᠢᠶᠡᠷᠡᠬᠦ ᠲᠠᠰ ᠳᠠᠪᠬᠤᠷᠭ᠎ᠠ  ᠶᠢ ᠲᠣᠳᠣᠷᠬᠠᠶᠢᠯᠠᠵᠤ᠂ ᠵᠠᠷᠤᠳᠠᠯ ᠢ ᠬᠤᠪᠢᠶᠠᠨ ᠡᠭᠦᠷᠭᠡᠯᠡᠬᠦ ᠠᠷᠭ᠎ᠠ ᠬᠡᠯᠪᠡᠷᠢ᠂ ᠡᠯ᠎ᠡ ᠲᠠᠯ᠎ᠠ ᠶᠢᠨ ᠡᠷᠬᠡ ᠡᠭᠦᠷᠭᠡ᠂ ᠠᠰᠢᠭ ᠣᠷᠣᠯᠭ᠎ᠠ ᠶᠢ ᠬᠤᠪᠢᠶᠠᠷᠢᠯᠠᠬᠤ ᠬᠠᠷᠢᠴᠠᠯ ᠵᠡᠷᠭᠡ ᠪᠣᠳᠠᠲᠠᠶ ᠠᠰᠠᠭᠤᠳᠠᠯ ᠢ ᠬᠤᠪᠢᠷᠠᠭᠤᠯᠬᠤ ᠬᠡᠷᠡᠭᠲᠡᠶ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠲᠤᠷᠰᠢᠯᠲᠠ ᠶᠢᠨ ᠨᠢᠭᠡᠴᠡ  ᠶᠢ ᠵᠢᠭᠠᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠥᠭᠡᠳ ᠲᠣᠳᠣᠷᠬᠠᠶ ᠡᠷᠬᠡ ᠣᠯᠭᠤᠬᠤ ᠵᠥᠪᠯᠡᠯᠴᠡᠭᠡᠷ ᠤᠨ ᠪᠢᠴᠢᠭ ᠬᠠᠷ᠎ᠠ ᠪᠠ ᠵᠠᠮ ᠮᠥᠷ ᠨᠢ ᠲᠣᠳᠣᠷᠬᠠᠶ ᠡᠷᠬᠡ ᠣᠯᠭᠤᠬᠤ ᠴᠤᠪᠤᠷᠠᠯ ᠤᠨ ᠵᠠᠭᠪᠤᠷ ᠢ ᠡᠮᠬᠢᠯᠡᠨ ᠪᠦᠷᠢᠯᠳᠦᠭᠦᠯᠵᠦ᠂ ᠪᠣᠳᠠᠲᠠᠶ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠬᠢᠨᠠᠮᠠᠭᠠᠶ ᠵᠠᠳᠠᠯᠤᠨ ᠰᠢᠶᠳᠪᠦᠷᠢᠯᠡᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢ ᠪᠦᠷᠢᠯᠳᠦᠭᠦᠯᠦᠨ᠂ ᠲᠤᠷᠰᠢᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ  ᠃     ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠰᠢᠦ ᠴᠠᠩ ᠪᠠᠢ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠬᠠᠨ ᠶᠦᠩ ᠴᠢᠤᠸᠠᠨ ᠪᠣᠯᠤᠨ ᠲᠤᠷᠰᠢᠯᠲᠠ ᠶᠢᠨ ᠨᠢᠭᠡᠴᠡ ᠶᠢᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠲᠤᠬᠠᠶᠢᠯᠠᠭᠰᠠᠨ ᠠᠵᠢᠯ ᠤᠨ ᠭᠠᠵᠠᠷ ᠲᠠᠰᠤᠭ  ᠤᠨ ᠬᠠᠮᠢᠶ᠎ᠠ ᠪᠥᠬᠦᠶ ᠬᠥᠮᠦᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号