2021 ᠣᠨ ᠤ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠭ᠎ᠠ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/1
    《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ  ᠶᠢ ᠲᠦᠷᠭᠡᠳᠬᠡᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠣᠯᠤᠨ ᠪᠡᠭᠡᠵᠢᠩ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠬᠠᠮᠲᠤ ᠪᠠᠷ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠭ᠎ᠠ ᠶᠢ ᠰᠦᠯᠵᠢᠶᠡᠨ ᠳᠡᠭᠡᠷ᠎ᠡ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ  ᠃ ᠪᠡᠭᠡᠵᠢᠩ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ᠂ ᠵᠦᠩ ᠭᠤᠸᠠᠨ ᠼᠦᠨ ᠤ ᠬᠠᠮᠢᠶᠠᠷᠤᠯᠲᠠ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᡁᠢ ᠰᠦᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠯᠢᠦ ᠱᠤᠸᠠᠩ ᠵᠢᠴᠢ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠢ  ᠃      《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ  ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠪᠣᠯᠤᠨ ᠪᠡᠭᠡᠵᠢᠩ ᠣᠷᠣᠨ ᠤ ᠬᠢᠨ ᠰᠢᠨᠵᠢᠯᠡᠬᠦ ᠤᠬᠠᠭᠠᠨ  ᠤ ᠰᠤᠳᠤᠯᠭᠠᠨ ᠤ ᠲᠥᠷᠥᠯ ᠵᠦᠶᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ᠂ ᠠᠵᠤ ᠦᠶᠯᠡᠰ ᠤᠨ ᠰᠢᠨ᠎ᠡ ᠶᠢ ᠡᠭᠦᠳᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠶᠠᠳᠠᠭᠤ ᠶᠢ ᠲᠡᠳᠬᠦᠬᠦ᠂ ᠰᠢᠨ᠎ᠡ ᠶᠢ ᠡᠭᠦᠳᠬᠦ ᠲᠠᠪᠴᠠᠩ ᠢ ᠬᠠᠮᠲᠤᠷᠠᠨ ᠪᠠᠶᠢᠭᠤᠯᠬᠤ ᠵᠡᠷᠭᠡ ᠲᠠᠯ᠎ᠠ ᠪᠠᠷ ᠠᠯᠢ ᠣᠯᠠᠨ ᠰᠢᠨ᠎ᠡ ᠦᠷ᠎ᠡ ᠪᠦᠲᠦᠮᠵᠢ ᠪᠠ ᠰᠢᠨ᠎ᠡ ᠠᠬᠢᠴᠠ  ᠲᠠᠢ ᠪᠣᠯᠪᠠ  ᠃ ᠡᠭᠦᠨ ᠳᠤ ᠪᠡᠭᠡᠵᠢᠩ ᠣᠷᠣᠨ ᠤ ᠬᠤᠯᠪᠣᠭᠳᠠᠯ ᠪᠥᠬᠦᠶ ᠨᠢᠭᠡᠴᠢ ( ᠪᠡᠭᠡᠵᠢᠩ ᠳᠤ ᠰᠠᠭᠤᠭ᠎ᠠ ᠬᠦᠷᠢᠶᠡᠯᠡᠩ ᠭᠠᠵᠠᠷ ᠢ ᠪᠠᠭᠲᠠᠭᠠᠨ᠎ᠠ ) ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ 202 ᠲᠥᠷᠥᠯ ᠵᠦᠶᠯ᠂ ᠡᠳ᠋ ᠤᠨ ᠵᠠᠰᠠᠭ ᠤᠨ ᠳᠡᠮᠵᠢᠯᠭᠡ ᠶᠢᠨ ᠵᠠᠷᠤᠳᠠᠯ 5 . 4 ᠳ᠋ᠦᠩᠰᠢᠭᠤᠷ ᠲᠥᠭᠦᠷᠢᠭ ᠪᠣᠶ︔ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠰᠣᠯᠢᠯᠴᠠᠭᠠᠨ ᠤ ᠲᠥᠪ ᠲᠠᠢ ᠬᠠᠮᠲᠤᠷᠠᠨ ᠮᠡᠳᠡᠭᠡ ᠵᠠᠩᠭᠢ ᠶᠢᠨ ᠮᠡᠷᠭᠡᠵᠢᠯ᠂ ᠲᠣᠨᠤᠭ ᠲᠥᠬᠦᠭᠡᠷᠦᠮᠵᠢ ᠦᠶᠯᠡᠳᠬᠦ᠂ ᠬᠢᠲᠠᠳ ᠡᠮ ᠡᠮᠨᠡᠯᠭᠡ ( ᠮᠣᠩᠭᠤᠯ ᠡᠮ ᠡᠮᠨᠡᠯᠭᠡ )᠂ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ 4 ᠲᠠᠯᠠᠪᠤᠷ 《 ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ ᠰᠢᠷᠢᠰ ᠵᠣᠯᠭᠠᠭᠤᠯᠬᠤ ᠬᠤᠷᠠᠯ 》 ᠢ ᠡᠷᠭᠢᠯᠡᠵᠦ᠂ ᠨᠡᠶᠢᠲᠡ 50 ᠭᠠᠷᠤᠶ ᠥᠪᠡᠷᠲᠡᠭᠡᠨ ᠵᠠᠰᠠᠬᠤ ᠣᠷᠣᠨ  ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠲᠠᠢ ᠪᠠᠶᠢᠵᠤ᠂ ᠪᠡᠭᠡᠵᠢᠩ ᠣᠷᠣᠨ ᠤ 70 ᠭᠠᠷᠤᠶ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯᠲᠠᠨ ᠤ ᠵᠢᠯᠣᠭᠤᠳᠣᠯᠭ᠎ᠠ ᠶᠢ ᠭᠥᠷᠳᠡᠪᠡ︔ 《 ᠮᠠᠯ ᠠᠵᠤ ᠠᠬᠤᠶ ᠲᠠᠷᠢᠶᠠᠯᠠᠩ ᠤᠨ ᠪᠣᠬᠢᠷᠲᠤᠯ ᠥᠬᠡᠶ ᠦᠶᠯᠡᠳᠪᠦᠷᠢᠯᠡᠯ ᠤᠨ ᠪᠣᠯᠪᠠᠰᠤᠷᠠᠯ ᠤᠨ ᠠᠩᠭᠢ 》᠂ 《 ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠲᠤᠷᠠᠯᠴᠠᠭᠰᠠᠨ ᠮᠡᠷᠭᠡᠵᠢᠯ ᠤᠨ ᠰᠣᠯᠢᠯᠴᠠᠭ᠎ᠠ ᠪᠣᠯᠪᠠᠰᠤᠷᠠᠯ ᠤᠨ ᠠᠩᠭᠢ 》 ᠵᠡᠷᠭᠡ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠢᠶᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠪᠠᠬᠢᠵᠢᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ︔ ᠪᠡᠭᠡᠵᠢᠩ ᠣᠷᠣᠨ ᠤ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ᠂ ᠠᠵᠤ ᠠᠬᠤᠶᠢᠯᠠᠯ ᠲᠠᠢ ᠬᠠᠮᠲᠤᠷᠠᠨ ᠰᠢᠨ᠎ᠡ ᠶᠢ ᠡᠭᠦᠳᠬᠦ ᠲᠠᠪᠴᠠᠩ ᠢ 32 ᠪᠠᠶᠢᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠮᠡᠷᠭᠡᠵᠢᠯ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ ᠪᠠ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠪᠠ  ᠃       ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠪᠡᠭᠡᠵᠢᠩ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠶᠯᠡᠰ ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠠᠰᠢᠭᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠤᠰᠢᠭᠤᠯᠬᠤ ᠲᠠᠪᠴᠠᠩ ᠢ ᠬᠠᠮᠲᠤ ᠪᠠᠷ ᠪᠠᠶᠢᠭᠤᠯᠬᠤ᠂ ᠠᠵᠤ ᠦᠶᠯᠡᠰ ᠤᠨ ᠰᠢᠨ᠎ᠡ ᠶᠢ ᠡᠭᠦᠳᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠲᠠᠯ᠎ᠠ ᠪᠠᠷ ᠪᠡᠭᠡᠵᠢᠩ ᠬᠤᠲᠠ ᠶᠢᠨ ᠡᠯ᠎ᠡ ᠲᠥᠷᠥᠯ ᠤᠨ ᠬᠠᠮᠲᠤᠷᠠᠯᠴᠠᠭᠠᠨ ᠤ ᠭᠤᠤᠯ ᠴᠣᠭᠴᠠ  ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠬᠤᠪᠣᠷ ᠰᠢᠷᠣᠶ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠶᠡᠭᠡ ᠬᠡᠪᠴᠢᠶᠡᠨ ᠤ ᠡᠨᠧᠷᠭᠢ ᠬᠠᠳᠠᠭᠠᠯᠠᠬᠤ᠂ ᠪᠠᠯ ᠴᠢᠯᠠᠭᠤᠨ ᠠᠯᠺᠧᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠤ ᠦᠶᠯᠡᠰ ᠤᠨ ᠬᠦᠷᠢᠶᠡᠨ ᠤ ᠬᠠᠮᠲᠤᠷᠠᠯᠴᠠᠭ᠎ᠠ ᠶᠢ ᠭᠤᠤᠯᠳᠠᠯᠭ᠎ᠠ ᠲᠠᠢ  ᠃ ᠡᠭᠦᠨ ᠤ ᠬᠠᠮᠲᠤ᠂ 《 ᠲᠠᠪᠴᠠᠩ + ᠦᠶᠯᠡᠴᠢᠯᠡᠭᠡ 》 ᠂ 《 ᠦᠵᠡᠭᠳᠡᠯ + ᠵᠢᠱᠢᠶ᠎ᠡ ᠦᠵᠡᠭᠦᠯᠬᠦ 》 ᠵᠡᠷᠭᠡ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠠᠭᠪᠤᠷ ᠢ ᠬᠠᠮᠲᠤ  ᠪᠠᠷ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠪᠴᠢᠭᠦᠯᠦᠭᠦᠷ ᠤᠨ ᠣᠨᠳᠣᠤ ᠭᠠᠵᠠᠷ ᠲᠤ ᠨᠡᠪᠴᠢᠭᠦᠯᠬᠦ ᠴᠢᠳᠠᠮᠵᠢ ᠶᠢ ᠦᠷᠭᠦᠯᠵᠢᠯᠡᠨ ᠪᠠᠳᠠᠷᠠᠭᠤᠯᠵᠤ᠂ ᠬᠤᠶᠠᠷ ᠲᠠᠯ᠎ᠠ  ᠶᠢᠨ ᠴᠢᠳᠠᠪᠤᠷᠢᠲᠠᠨ᠂ ᠮᠡᠷᠭᠡᠵᠢᠯ᠂ ᠲᠥᠷᠥᠯ ᠵᠦᠶᠯ ᠪᠣᠯᠤᠨ ᠵᠠᠬ᠎ᠠ ᠳᠡᠯᠭᠡᠭᠦᠷ ᠵᠡᠷᠭᠡ ᠲᠠᠯ᠎ᠠ ᠪᠠᠷ ᠬᠢ ᠪᠦᠲᠦᠮᠵᠢᠲᠡᠶ ᠬᠠᠮᠲᠤᠷᠠᠯᠴᠠᠭ᠎ᠠ ᠵᠣᠯᠭᠠᠯᠴᠠᠭ᠎ᠠ ᠶᠢ ᠤᠯᠠᠮ ᠴᠢᠨᠠᠭᠰᠢᠳᠠ ᠠᠬᠢᠭᠤᠯᠵᠤ᠂ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠥᠪᠥᠷ ᠮᠣᠩᠭᠤᠯ ᠳᠤ ᠪᠣᠳᠠᠲᠠᠶᠢᠵᠢᠭᠤᠯᠤᠨ ᠤᠯᠠᠷᠢᠭᠤᠯᠬᠤ ᠶᠢ ᠠᠬᠢᠭᠤᠯᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠶᠢ ᠭᠦᠨᠵᠡᠭᠡᠶ ᠬᠡᠷᠡᠭᠵᠢᠭᠦᠯᠬᠦ ᠳᠤ ᠬᠦᠴᠦᠨ ᠨᠡᠮᠡᠷᠢᠯᠡᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号