ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠲᠤᠰᠬᠠᠶ ᠮᠡᠷᠭᠡᠵᠢᠯᠲᠡᠨ ᠤ ᠵᠥᠪᠯᠡᠯᠭᠡ ᠨᠤᠲᠠᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/3
      2021 ᠣᠨ ᠤ 12 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠸᠢᠳᠢᠣ᠋ ᠬᠡᠯᠪᠡᠷᠢ ᠪᠠᠷ ᠤᠯᠤᠰ ᠤᠨ ᠰᠦᠨ ᠤ ᠦᠶᠯᠡᠰ ᠤᠨ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠤᠨ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ  ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦ᠋ᠦ ᠰᠢᠶᠠᠨ ᠬᠤᠸᠠ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠵᠤ᠂ ᠤᠯᠤᠰ ᠤᠨ ᠳᠣᠲᠣᠭᠠᠳᠤ ᠳᠤ ᠲᠡᠷᠢᠭᠦᠯᠡᠵᠦ᠂ ᠳᠡᠯᠡᠬᠡᠢ ᠶᠢᠨ ᠲᠡᠷᠢᠭᠦᠨ ᠤ ᠬᠠᠷᠠᠯᠲᠠ ᠪᠣᠯᠤᠨ ᠪᠠᠶᠢᠷᠢ ᠲᠣᠭᠲᠠᠭᠠᠯᠲᠠ ᠲᠠᠢ ᠬᠠᠷᠭᠤᠭᠤᠯᠤᠨ᠂ ᠪᠦᠬᠦ ᠣᠷᠣᠨ ᠤ ᠬᠦᠴᠦᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠤᠶᠤᠨ ᠤᠬᠠᠭᠠᠨ ᠢ ᠬᠤᠷᠠᠮᠳᠤᠭᠤᠯᠤᠨ᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠶᠢ ᠥᠨᠳᠥᠷ ᠲᠦᠪᠰᠢᠨ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃       ᠬᠤᠷᠠᠯ ᠳᠤ ᠪᠡᠭᠡᠵᠢᠩ ᠤᠨ ᠭᠤᠣᠯ ᠬᠤᠷᠠᠯ ᠤᠨ ᠲᠠᠯᠠᠪᠠᠢ ᠪᠣᠯᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ᠂ ᠦᠷ᠎ᠡ ᠪᠦᠲᠦᠭᠡᠯ ᠢ ᠣᠨᠳᠣᠣᠰᠢᠭᠤᠯᠬᠤ ᠪᠠ ᠣᠷᠣᠨ ᠪᠦᠰᠡ ᠶᠢᠨ ᠵᠤᠷᠭᠠᠨ ᠪᠣᠯᠤᠨ ᠪᠡᠭᠡᠵᠢᠩ ᠤᠨ ᠳᠣᠲᠣᠷᠠᠬᠢ ᠲᠤᠰᠬᠠᠢ ᠮᠡᠷᠭᠡᠵᠢᠯᠲᠡᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠬᠥᠬᠡᠬᠤᠲᠠ ᠶᠢᠨ ᠬᠤᠳᠠ ᠶᠢᠨ ᠳᠠᠷᠤᠭ᠎ᠠ ᠾᠧ ᠬᠠᠢ ᠳ᠋ᠦᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ᠂ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ᠂ ᠢᠯᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠠᠨ ᠭᠠᠩ᠂ ᠪᠡᠭᠡᠵᠢᠩ ᠤᠨ ᠭᠠᠳᠠᠨᠠᠬᠢ ᠲᠤᠰᠬᠠᠢ ᠮᠡᠷᠭᠡᠵᠢᠯᠲᠡᠨ ᠵᠢᠴᠢ ᠬᠠᠮᠲᠤ ᠪᠠᠷ ᠪᠦᠳᠦᠭᠡᠨ ᠪᠠᠶᠢᠭᠤᠯᠬᠤ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠠᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ  ᠃       ᠰᠦ ᠶᠢᠨ ᠦᠶᠯᠡᠰ ᠪᠣᠯ ᠮᠠᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠠ ᠢᠳᠡᠭᠡᠨ ᠤ ᠠᠵᠤ ᠦᠶᠯᠡᠳᠪᠦᠷᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠥᠪᠥᠷ ᠮᠣᠩᠭᠤᠯ ᠤᠨ ᠴᠢᠬᠤᠯᠠ ᠲᠤᠯᠭᠠᠭᠤᠷᠢ ᠠᠵᠤ ᠦᠶᠯᠡᠰ ᠮᠥᠨ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠶᠠᠮᠤᠨ ᠣᠷᠣᠨ ᠤ ᠠᠵᠢᠯ ᠤᠨ ᠵᠥᠪᠳᠡᠯᠴᠡᠬᠦ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠨᠠᠮ ᠤᠨ ᠲᠥᠯᠥᠭᠡᠯᠡᠭᠴᠢᠳ ᠤᠨ ᠬᠤᠷᠠᠯ ᠤᠨ ᠮᠡᠳᠡᠭᠦᠯᠦᠯᠲᠡ ᠪᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠨ ᠣᠷᠣᠭᠤᠯᠵᠤ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢᠨ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠠᠵᠢᠯ ᠤᠨ ᠲᠤᠰᠬᠠᠶ ᠠᠩᠭᠢ ᠪᠠᠶᠢᠭᠤᠯᠵᠤ ᠬᠠᠷᠢᠭᠤᠴᠠᠨ ᠠᠬᠢᠭᠤᠯᠤᠨ᠎ᠠ  ᠃ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠨᠢ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠢ ᠠᠬᠢᠭᠤᠯᠬᠤ᠂ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠲᠤᠯᠭᠠᠭᠤᠷᠢᠯᠠᠬᠤ᠂ ᠰᠢᠨ᠎ᠡ ᠶᠢ ᠡᠭᠦᠳᠬᠦ ᠰᠦᠨ ᠤ ᠦᠢᠯᠡᠰ ᠤᠨ ᠠᠮᠢ ᠠᠬᠤᠢ ᠶᠢ ᠴᠣᠭᠴᠠᠯᠠᠬᠤ᠂ ᠤᠯᠤᠰ ᠤᠨ ᠠᠵᠤ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ  ᠃        ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠬᠤᠶᠠᠷ ᠱᠠᠲᠤᠨ ᠤ ᠵᠠᠰᠠᠭ ᠤᠨ ᠣᠷᠳᠣᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2019 ᠣᠨ ᠠᠴᠠ ᠨᠠᠭᠠᠰᠢ᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠤᠯᠠᠨ ᠤᠳᠠᠭ᠎ᠠ ᠲᠤᠬᠢᠷᠠᠭᠤᠯᠤᠯᠳᠠ ᠬᠢᠵᠦ᠂ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠳᠤ ᠡᠭᠦᠳᠦᠨ ᠪᠠᠶᠢᠭᠤᠯᠬᠤ ᠠᠵᠢᠯ ᠵᠠᠩᠭᠢᠯᠠᠭ᠎ᠠ ᠶᠢᠨ ᠱᠠᠲᠤᠨ ᠳᠤ ᠣᠷᠣᠪᠠ  ᠃       ᠲᠣᠰ ᠤᠳᠠᠭᠠᠨ ᠤ ᠨᠤᠲᠠᠯᠠᠯᠲᠠ ᠶᠢᠨ ᠬᠤᠷᠠᠯ ᠨᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠸᠠᠨ ᠵᠢᠶᠠᠨ ᠮᠢᠨ ᠠᠺᠠᠳᠧᠮᠢᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠯᠲᠡ  ᠶᠢᠨ ᠰᠤᠳᠤᠯᠭᠠᠨ ᠤ ᠲᠥᠪ᠂ ᠳᠤᠮᠳᠠᠳᠤ ᠤᠯᠤᠰ ᠤᠨ ᠴᠠᠭᠠᠨ ᠢᠳᠡᠭᠡᠨ ᠤ ᠠᠵᠤ ᠦᠶᠯᠡᠳᠪᠦᠷᠢ ᠶᠢᠨ ᠨᠡᠶᠢᠭᠡᠮᠯᠢᠭ᠂ ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ  ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠢᠮ᠎ᠡ ᠲᠡᠵᠢᠭᠡᠯ  ᠤᠨ ᠰᠤᠳᠤᠯᠭᠠᠨ ᠤ ᠭᠠᠵᠠᠷ ᠵᠡᠷᠭᠡ 12 ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠵᠡᠶ  ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠥᠪᠥᠷ ᠮᠣᠩᠭᠤᠯ ᠤᠨ ᠰᠦ  ᠶᠢᠨ ᠦᠶᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠤᠯᠤᠰ ᠤᠨ ᠰᠦ ᠶᠢᠨ ᠦᠶᠯᠡᠰ ᠤᠨ ᠮᠡᠷᠭᠡᠵᠢᠯ  ᠤᠨ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠬᠤ ᠲᠥᠰᠦᠯ ( ᠳᠣᠷᠣᠭᠰᠢ 《 ᠪᠥᠲᠥᠭᠡᠨ ᠪᠠᠶᠢᠭᠤᠯᠬᠤ ᠲᠥᠰᠦᠯ 》 ᠭᠡᠵᠦ ᠲᠣᠪᠴᠢᠯᠠᠨ᠎ᠠ ) ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠦᠨᠡᠯᠡᠯᠲᠡ ᠬᠢᠬᠦ ᠶᠢᠨ ᠬᠠᠮᠲᠤ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠪᠠ  ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠦᠵᠡᠬᠦ ᠪᠠᠷ᠂ ᠤᠯᠤᠰ ᠤᠨ ᠰᠦᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠪᠠᠶᠢᠷᠢ ᠲᠣᠭᠲᠠᠭᠠᠯᠲᠠ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠨᠡᠶᠢᠴᠡᠵᠦ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠨᠢ ᠲᠣᠳᠣᠷᠬᠠᠶ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠ ᠠᠬᠢᠴᠠ ᠨᠢ ᠵᠦᠶ ᠵᠣᠬᠢᠰᠲᠠᠶ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠬᠦᠴᠦᠲᠡᠶ ᠪᠠᠶᠢᠳᠠᠭ  ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠦᠲᠦᠭᠡᠨ ᠪᠠᠶᠢᠭᠤᠯᠬᠤ ᠲᠥᠰᠦᠯ ᠢ ᠵᠥᠪᠰᠢᠶᠡᠷᠡᠭᠰᠡᠨ ᠪᠥᠭᠡᠳ ᠠᠯᠢ ᠲᠦᠷᠭᠡᠨ ᠢᠶᠠᠷ ᠭᠤᠣᠯ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ  ᠃       ᠪᠦ᠋ᠦ ᠰᠢᠶᠠᠨ ᠬᠤᠸᠠ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠳᠠᠷᠠᠭ᠎ᠠ ᠠᠯᠬᠤᠮ᠂ ᠥᠪᠥᠷ ᠮᠣᠩᠭᠤᠯ ᠲᠤᠰᠬᠠᠶ ᠮᠡᠷᠭᠡᠵᠢᠯᠲᠡᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠭᠦᠶᠴᠡᠳ ᠰᠢᠩᠭᠡᠭᠡᠨ ᠠᠪᠤᠨ᠎ᠠ᠂ 《 ᠪᠦᠲᠦᠭᠡᠨ ᠪᠠᠶᠢᠭᠤᠯᠤᠯᠲᠠ ᠶᠢᠨ ᠲᠥᠰᠦᠯ 》 ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠂ ᠲᠥᠪ ᠵᠢᠴᠢ ᠭᠠᠳᠠᠭᠤᠷᠬᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠢ ᠥᠷᠭᠡᠨ ᠢᠶᠠᠷ ᠲᠠᠲᠠᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠥᠪ ᠤᠨ ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠳᠤ ᠣᠷᠣᠯᠴᠠᠪᠠ᠂ ᠣᠨᠴᠠᠭᠠᠢ ᠳᠡᠮᠵᠢᠯᠭᠡ ᠦᠵᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠤᠷᠢᠳ ᠢᠶᠠᠷ ᠪᠠᠶᠢᠷᠢᠰᠢᠭᠤᠯᠤᠨ᠎ᠠ᠂ ᠡᠯ᠎ᠡ ᠲᠥᠷᠥᠯ ᠤᠨ ᠡᠬᠢ ᠪᠠᠶᠠᠯᠢᠭ ᠢ ᠤᠷᠢᠳᠠᠪᠠᠷ ᠲᠣᠬᠢᠷᠠᠭᠤᠯᠤᠨ᠎ᠠ᠂ ᠥᠪᠥᠷ ᠮᠣᠩᠭᠤᠯ ᠢ ᠰᠢᠨᠵᠢᠯᠡᠬᠦ ᠤᠬᠠᠭᠠᠨ ᠤ ᠰᠤᠳᠤᠯᠭᠠᠨ ᠤ ᠭᠤᠤᠯ ᠦᠷ᠎ᠡ ᠪᠦᠲᠦᠭᠡᠯ ᠢ ᠲᠤᠷᠰᠢᠨ ᠬᠤᠪᠢᠷᠠᠭᠤᠯᠬᠤ ᠲᠣᠮᠣ ᠰᠠᠭᠤᠷᠢᠨ ᠭᠠᠵᠠᠷ ᠪᠣᠯᠭᠠᠨ᠎ᠠ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠢ ᠪᠦᠬᠦ ᠬᠦᠴᠦᠨ ᠢᠶᠠᠷ ᠢᠶᠠᠨ ᠳᠠᠮᠵᠢᠨ᠎ᠠ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠳᠡᠯᠭᠡᠷᠡᠭᠦᠯᠦᠨ ᠬᠡᠷᠡᠭᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠡᠩ ᠲᠡᠷᠢᠭᠦᠨ ᠳᠤ ᠥᠪᠥᠷ ᠮᠣᠩᠭᠤᠯ ᠳᠤ ᠪᠣᠳᠠᠲᠠᠶᠢᠵᠢᠭᠤᠯᠤᠶ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号