ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ ᠭᠤᠤᠯᠳᠠᠯᠭ᠎ᠠ ᠲᠠᠢ ᠲᠤᠰᠬᠠᠶ ᠵᠦᠶᠯ ᠤᠨ ᠨᠠᠷᠢᠯᠢᠭ ᠣᠨᠣᠪᠴᠢᠲᠠᠶ ᠮᠣᠩᠭᠤᠯ ᠬᠢᠲᠠᠳ ᠡᠮ ᠤᠨ ᠮᠠᠲ᠋ᠧᠷᠢᠶᠠᠯ ᠢ ᠵᠠᠬᠢᠶᠠᠯᠠᠨ ᠦᠶᠯᠡᠳᠬᠦ ᠪᠠ ᠪᠥᠬᠦ ᠶᠠᠪᠤᠴᠠ ᠳᠤ ᠡᠬᠢ ᠡᠭᠦᠰᠦᠯ ᠢ ᠨᠢ ᠮᠥᠷᠳᠡᠬᠦ ᠮᠡᠷᠭᠡᠵᠢᠯ ᠤᠨ ᠰᠤᠳᠤᠯᠤᠯ  ᠯᠠᠪᠳᠠᠭᠤᠨ  ᠢᠶᠠᠷ ᠠᠬᠢᠭᠤᠯᠪᠠ
ᠨᠡᠶᠢᠲᠡᠯᠡᠭᠰᠡᠨ ᠴᠠᠭ᠄
2021/4/21
       ᠥᠪᠥᠷ ᠮᠣᠩᠭᠤᠯ ᠤᠨ ᠲᠢᠶᠠᠨ ᠴᠢ ᠳᠤᠮᠳᠠᠳᠤ ᠮᠣᠩᠭᠤᠯ ᠡᠮ ᠦᠶᠯᠡᠳᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠦᠷᠦᠭᠦᠯᠡᠨ᠂ ᠪᠡᠭᠡᠵᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ᠂ ᠪᠡᠭᠡᠵᠢᠩ ᠤᠨ ᠮᠧᠬᠠᠨᠢᠭ ᠤᠨ ᠠᠵᠤ ᠦᠶᠯᠡᠳᠪᠦᠷᠢ ᠶᠢᠨ ᠠᠦ᠋ᠲ᠋ᠣᠴᠢᠯᠠᠯᠲᠠ ᠶᠢᠨ ᠰᠤᠳᠤᠯᠭᠠᠨ ᠤ ᠭᠠᠵᠠᠷ ᠲᠠᠢ ᠬᠠᠮᠲᠤᠷᠠᠨ ᠤᠯᠠᠭᠠᠨᠬᠠᠳᠠ ᠬᠤᠲᠠ ᠶᠢᠨ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢᠨ ᠭᠤᠤᠯᠳᠠᠯᠭ᠎ᠠ ᠲᠠᠢ ᠲᠤᠰᠬᠠᠶ ᠲᠥᠷᠥᠯ ᠵᠦᠶᠯ ᠢ ᠡᠭᠦᠷᠭᠡᠯᠡᠵᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠢ ᠨᠠᠷᠢᠯᠢᠭ ᠣᠨᠣᠴᠠᠲᠠᠶ ᠦᠶᠯᠡᠳᠬᠦ ᠪᠠ ᠪᠥᠬᠦ ᠶᠠᠪᠤᠴᠠ ᠳᠤ ᠡᠬᠢ ᠡᠭᠦᠰᠦᠯ ᠢ ᠨᠢ ᠡᠷᠢᠬᠦ ᠮᠡᠷᠭᠡᠵᠢᠯ ᠤᠨ ᠰᠤᠳᠤᠯᠭᠠᠨ ᠬᠢᠪᠠ᠃ ᠭᠤᠤᠯᠳᠠᠭᠤ ᠨᠠᠷᠢᠯᠢᠭ ᠣᠨᠣᠪᠴᠢᠲᠠᠶ ᠡᠮ ᠤᠨ ᠮᠠᠲ᠋ᠧᠷᠢᠶᠠᠯ ᠤᠨ ᠰᠠᠶᠢᠨ ᠦᠷ᠎ᠡ ᠶᠢ ᠰᠣᠩᠭᠤᠨ ᠪᠣᠶᠢᠵᠢᠭᠤᠯᠵᠤ ᠦᠷᠡᠵᠢᠭᠦᠯᠦᠨ ᠪᠣᠶᠢᠵᠢᠭᠤᠯᠬᠤ ᠪᠠ ᠮᠣᠯᠧᠺᠦᠯ ᠤᠨ ᠬᠠᠭᠤᠷᠮᠠᠭ ᠢ ᠰᠡᠷᠭᠡᠶᠢᠯᠡᠬᠦ ᠵᠠᠩᠭᠢᠯᠠᠭ᠎ᠠ ᠶᠢᠨ ᠮᠡᠷᠭᠡᠵᠢᠯ᠂ ᠨᠠᠷᠢᠯᠢᠭ ᠣᠨᠣᠪᠴᠢᠲᠠᠶ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠰᠢᠰᠲ᠋ᠧᠮᠵᠢ ᠪᠠ ᠲᠦᠷᠭᠡᠨ ᠪᠠᠶᠢᠴᠠᠭᠠᠨ ᠬᠡᠮᠵᠢᠬᠦ ᠵᠠᠩᠭᠢᠯᠠᠭ᠎ᠠ ᠶᠢᠨ ᠮᠡᠷᠭᠡᠵᠢᠯ᠂ ᠲᠣᠮᠣ ᠳ᠋ᠠᠶᠢᠲ᠋ᠠ ᠶᠢ ᠥᠪᠡᠰᠦᠪᠡᠨ ᠰᠤᠷᠤᠯᠴᠠᠬᠤ ᠪᠠ ᠤᠶᠤᠨᠴᠢᠯᠠᠨ ᠡᠵᠡᠮᠳᠡᠬᠦ ᠮᠡᠷᠭᠡᠵᠢᠯ ᠵᠡᠷᠭᠡ ᠲᠠᠯ᠎ᠠ ᠶᠢᠨ ᠰᠤᠳᠤᠯᠭᠠᠨ ᠢ ᠥᠷᠨᠢᠭᠦᠯᠵᠦ᠂ ᠰᠤᠳᠤᠯᠭᠠᠨ ᠤ ᠠᠵᠢᠯ ᠢᠶᠠᠷ ᠳᠡᠮᠵᠢᠨ ᠮᠣᠩᠭᠤᠯ ᠬᠢᠲᠠᠳ ᠡᠮ ᠤᠨ ᠲᠦᠭᠦᠬᠡᠶ ᠮᠠᠲ᠋ᠧᠷᠢᠶᠠᠯ ᠤᠨ ᠭᠠᠷᠤᠯᠲᠠ ᠶᠢᠨ ᠶᠠᠰᠤ ᠴᠢᠨᠠᠷ ᠢ ᠬᠥᠳᠡᠯᠦᠩᠭᠦᠶ ᠪᠠᠷ ᠬᠢᠨᠠᠨ ᠰᠢᠨᠵᠢᠬᠦ ᠲᠠᠪᠴᠠᠩ᠂ ᠨᠠᠷᠢᠯᠢᠭ ᠣᠨᠣᠪᠴᠢᠲᠠᠶ ᠡᠮ ᠤᠨ ᠮᠠᠲ᠋ᠧᠷᠢᠶᠠᠯ ᠤᠨ ᠣᠶᠤᠨᠴᠢ ᠪᠠᠷ ᠲᠣᠭᠲᠠᠭᠠᠵᠤ ᠦᠶᠯᠡᠳᠬᠦ ᠵᠢᠴᠢ ᠪᠥᠬᠦ ᠶᠠᠪᠤᠴᠠ ᠳᠤ ᠮᠥᠷᠳᠡᠨ ᠤᠬᠤᠴᠢᠯᠠᠵᠤ ᠪᠣᠯᠬᠤ ᠲᠠᠪᠴᠠᠩ ᠢ ᠪᠠᠶᠢᠭᠤᠯᠤᠨ᠎ᠠ᠃      ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 1020 . 00 ᠲᠦᠮᠡᠨ ᠲᠥᠭᠦᠷᠢᠭ ᠪᠠᠶᠢᠵᠤ᠂ 2021 ᠣᠨ ᠤ 4 ᠰᠠᠷ᠎ᠠ ᠶᠢᠨ 14 ᠤ ᠡᠳᠦᠷ ᠪᠣᠯᠲᠠᠯ᠎ᠠ ᠲᠣᠰ ᠲᠥᠷᠥᠯ ᠵᠦᠶᠯ ᠨᠢ ᠨᠢᠭᠡᠨᠲᠡ ᠤᠮᠠᠷᠠᠲᠤ ᠡᠯᠡᠰᠦᠨ ᠣᠷᠬᠤᠳᠠᠶ᠂ ᠬᠤᠷᠳᠤᠨ ᠴᠠᠭᠠᠨ᠂ ᠰᠢᠬᠢᠷ ᠡᠪᠡᠰᠦ ᠵᠡᠷᠭᠡ 5 ᠵᠦᠶᠯ ᠤᠨ ᠡᠮ ᠤᠨ ᠮᠠᠲ᠋ᠧᠷᠢᠶᠠᠯ ᠤᠨ ᠰᠢᠯᠢᠳᠡᠭ ᠡᠭᠦᠯᠳᠡᠷ ᠢ ᠠᠩᠬ᠎ᠠ ᠠᠯᠬᠤᠮ ᠰᠣᠩᠭᠤᠨ ᠪᠣᠶᠢᠵᠢᠭᠤᠯᠬᠤ ᠠᠵᠢᠯ ᠢ ᠪᠡᠶᠡᠯᠡᠭᠦᠯᠪᠡ᠂ ᠡᠭᠦᠨ ᠳᠤ ᠠᠳᠠᠯᠢ ᠪᠤᠰᠤ ᠭᠠᠷᠤᠯᠲᠠ ᠶᠢᠨ ᠣᠷᠣᠨ ᠤ ᠬᠡᠷ ᠤᠨ ᠲᠥᠷᠥᠯ ᠤᠨ ᠡᠮ ᠤᠨ ᠮᠠᠲ᠋ᠧᠷᠢᠶᠠᠯ ᠤᠨ ᠦᠷ᠎ᠡ ᠪᠠ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠦᠷ᠎ᠡ ᠶᠢ ᠪᠠᠭᠲᠠᠭᠠᠵᠤ᠂ ᠨᠠᠷᠢᠨ ᠣᠨᠣᠪᠴᠢᠲᠠᠶ ᠡᠮ ᠤᠨ ᠮᠠᠲ᠋ᠧᠷᠢᠶᠠᠯ ᠤᠨ ᠶᠠᠰᠤ ᠴᠢᠨᠠᠷ ᠢ ᠲᠦᠷᠭᠡᠨ ᠰᠢᠯᠭᠠᠨ ᠪᠠᠶᠢᠴᠠᠭᠠᠬᠤ ᠵᠠᠩᠭᠢᠯᠠᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠢ ᠠᠩᠬ᠎ᠠ ᠠᠯᠬᠤᠮ ᠲᠣᠭᠲᠠᠭᠠᠵᠤ᠂ ᠲᠠᠷᠠᠭᠠᠴᠢ  ᠶᠢᠨ ᠠᠯᠬᠤᠮ ᠳᠤ ᠠᠳᠠᠯᠢ ᠪᠤᠰᠤ ᠭᠠᠵᠠᠷ ᠢ ᠰᠣᠩᠭᠤᠬᠤ ᠶᠢᠨ ᠬᠠᠮᠲᠤ 5 ᠰᠠᠷ᠎ᠠ ᠳᠤ ᠳᠠᠷᠢᠬᠤ ᠠᠵᠢᠯ ᠢ ᠥᠷᠨᠢᠭᠦᠯᠦᠨ᠎ᠡ᠃
 
ᠢᠷᠡᠯᠲᠡ᠄ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号