ᠰᠦᠨ ᠵᠢᠶᠦ᠋ᠨ ᠴᠢᠩ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠶᠦᠨ ᠫᠧᠩ ᠭᠠᠩ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2021/4/22
     
     4 ᠳ᠋ᠦ᠋ᠭᠡᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠠᠶᠢᠯᠴᠢᠯᠠᠬᠤ ᠪᠠᠷ ᠢᠷᠡᠭᠰᠡᠨ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠤᠯᠠᠭᠠᠨᠴᠠᠪ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠤᠨ ᠳᠡᠳ᠋ ᠳᠠᠷᠤᠭ᠎ᠠ ᠵᠠᠩ ᡁᠢ ᠺᠤᠸᠠᠨ ᠶᠠᠷᠢᠯᠴᠠᠬᠤ ᠬᠤᠷᠠᠯ ᠳᠤ ᠣᠷᠣᠯᠴᠠᠪᠠ᠃      ᠤᠯᠠᠭᠠᠨᠴᠠᠪ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ  ᠢ ᠡᠭᠦᠳᠦᠨ ᠪᠠᠶᠢᠭᠤᠯᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠵᠢᠶᠦ᠋ᠨ ᠴᠢᠩ ᠢᠯᠡᠷᠬᠡᠶᠢᠯᠡᠬᠦ ᠳᠡᠭᠡᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠭᠠᠨᠴᠠᠪ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠣᠷᠣᠨ ᠨᠢ ᠲᠣᠮᠣ ᠳ᠋ᠠᠶᠢᠲ᠋ᠠ ᠪᠠ ᠣᠲᠣ ᠦᠶ᠎ᠡ ᠶᠢᠨ ᠡᠨᠧᠷᠭᠢ ᠪᠠᠷ ᠭᠤᠤᠯ ᠤᠳᠤᠷᠢᠳᠤᠮᠵᠢ ᠪᠣᠯᠭᠠᠵᠤ᠂ ᠠᠵᠤ ᠦᠶᠯᠡᠰ ᠤᠨ ᠪᠠᠶᠢᠷᠢᠯᠠᠭᠤᠯᠤᠯᠲᠠ  ᠶᠢᠨ ᠣᠨᠴᠠᠯᠢᠭ ᠢᠯᠡ ᠲᠣᠳᠣ᠂ ᠳᠠᠭᠠᠭᠤᠯᠤᠭᠴᠢ ᠠᠵᠤ ᠠᠬᠤᠶᠢᠯᠠᠯ ᠤᠨ ᠲᠤᠯᠭᠠᠭᠤᠷᠢᠯᠠᠵᠤ ᠬᠥᠲᠥᠯᠦᠨ ᠳᠠᠭᠠᠭᠤᠯᠬᠤ ᠦᠶᠯᠡᠳᠦᠯ ᠲᠣᠪᠣᠶᠢᠮ᠎ᠠ ᠪᠠᠶᠢᠵᠤ᠂ ᠡᠭᠦᠳᠦᠨ ᠪᠠᠶᠢᠭᠤᠯᠬᠤ ᠰᠠᠶᠢᠨ ᠰᠠᠶᠢᠬᠠᠨ ᠰᠠᠭᠤᠷᠢ ᠲᠠᠢ ᠶᠤᠮ᠃ ᠰᠦᠨ ᠵᠢᠶᠦ᠋ᠨ ᠴᠢᠩ᠂ ᠲᠢᠩᠬᠢᠮ ᠬᠤᠳᠠ ᠬᠤᠶᠠᠷ ᠲᠠᠯ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ ᠭᠡᠵᠡᠢ᠃ ᠨᠢᠭᠡ ᠳᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠪᠡ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠂ ᠬᠠᠮᠢᠶᠠᠷᠤᠯᠲᠠ ᠶᠢᠨ ᠪᠠᠶᠢᠭᠤᠯᠤᠯ ᠵᠡᠷᠭᠡ ᠰᠠᠭᠤᠷᠢ ᠴᠢᠨᠠᠷᠲᠠᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠤᠯᠠᠭᠠᠨᠴᠠᠪ ᠤᠨ  ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠷᠭᠡᠨ ᠠᠬᠢᠭᠤᠯᠬᠤ ᠬᠡᠷᠡᠭᠲᠡᠢ; ᠬᠤᠶᠠᠷ ᠲᠤ᠂ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠤᠯᠤᠰ  ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠲᠠᠯ᠎ᠠ ᠪᠠᠷ ᠬᠦᠴᠦᠯᠡᠵᠦ᠂ ᠴᠢᠬᠤᠯᠠ ᠶᠡᠭᠡ ᠵᠠᠩᠭᠢᠯᠠᠭ᠎ᠠ  ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠦᠶᠯᠡᠴᠢᠯᠡᠭᠡ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠭᠠᠨᠴᠠᠪ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ  ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ  ᠭᠡᠵᠠᠢ᠃       ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠤᠯᠠᠭᠠᠨᠴᠠᠪ ᠬᠤᠲᠠ  ᠶᠢᠨ ᠴᠠᠬᠠᠷ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠡᠭᠡᠳᠦ ᠰᠢᠨ᠎ᠡ ᠮᠡᠷᠭᠡᠵᠢᠯ ᠤᠨ ᠭᠠᠵᠠᠷ᠂ ᠲᠥᠷᠥ ᠶᠢᠨ ᠪᠣᠳᠣᠯᠭ᠎ᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠶ᠃    
 
ᠢᠷᠡᠯᠲᠡ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠭᠡ ᠵᠠᠩᠭᠢ ᠶᠢᠨ ᠰᠤᠳᠤᠯᠭᠠᠨ ᠤ ᠬᠦᠷᠢᠶᠡᠯᠡᠩ / ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号