ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ  ᠤᠨ ᠬᠤᠷᠠᠯ ᠵᠢᠴᠢ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠤᠷᠠᠯᠳᠤᠪᠠ ᠱᠢ ᠲᠠᠢ ᠹᠧᠩ ᠴᠣᠬᠤᠯᠠᠪᠤᠷᠢ ᠥᠭᠴᠡᠶ
ᠨᠡᠶᠢᠲᠡᠯᠡᠭᠰᠡᠨ ᠴᠠᠭ᠄
2022/1/20
       1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ  ᠃ ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ᠂ ᠪᠦᠬᠦ ᠤᠯᠤᠰ  ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠳ᠋ᠦᠩᠨᠡᠯᠲᠡ ᠶᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯᠤᠨ ᠤᠯᠤᠰ ᠲᠦᠷᠦ ᠬᠠᠤᠯᠢ ᠴᠠᠭᠠᠵᠠ  ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠮᠵᠢ ᠶᠢ ᠳ᠋ᠦᠩᠨᠡᠵᠦ᠂ 2022 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ  ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠴᠣᠬᠤᠯᠠᠪᠤᠷᠢ ᠥᠭᠴᠡᠢ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠦ ᠹᠧᠩ ᠬᠤᠷᠠᠯ ᠳᠤ ᠣᠷᠣᠯᠴᠠᠵᠠᠢ  ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ ᠬᠤᠷᠠᠯ ᠢ ᠡᠷᠭᠢᠯᠡᠵᠡᠶ  ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠠᠢ  ᠃       ᠱᠢ ᠲᠠᠢ ᠹᠧᠩ ᠴᠣᠬᠤᠯᠠᠪᠤᠷᠢ ᠳᠠᠭᠠᠨ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠹᠷᠣᠨᠲ ᠤᠨ ᠬᠢᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠨ ᠯᠠᠪᠳᠠᠭᠤᠨ ᠪᠠᠲᠤᠲᠠᠶ ᠠᠵᠢᠯᠯᠠᠵᠤ᠂ ᠪᠥᠬᠦ ᠣᠷᠣᠨ ᠤ ᠤᠯᠤᠰ ᠲᠥᠷᠥ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠢ ᠬᠦᠴᠦᠲᠡᠶ ᠬᠠᠮᠠᠭᠠᠯᠠᠪᠠ  ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠶ᠎ᠠ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠴᠢᠩᠭᠠᠳᠬᠠᠨ᠎ᠠ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠶ᠎ᠠ᠂ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ᠎ᠠ᠂ ᠲᠦᠭᠰᠢᠭᠦᠷᠢ ᠶᠢ ᠰᠡᠷᠭᠡᠶᠢᠯᠡᠬᠦ ᠶᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠪᠡ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠤᠨ᠎ᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠬᠡᠷᠡᠭᠲᠡᠶ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠭᠦᠢᠴᠡᠳᠬᠡᠨ᠎ᠡ᠂ ᠨᠡᠶᠢᠭᠡᠮ ᠤᠨ ᠠᠮᠤᠷ ᠲᠦᠪᠰᠢᠨ᠂ ᠠᠷᠠᠳ ᠲᠦᠮᠡᠨ ᠤ ᠠᠮᠤᠷ ᠠᠮᠤᠭᠤᠯᠠᠩ ᠤᠨ ᠴᠢᠬᠤᠯᠠ ᠶᠡᠭᠡ ᠬᠠᠷᠢᠭᠤᠴᠠᠯᠭ᠎ᠠ  ᠃ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠳᠡᠮᠵᠢᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠬᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠶ  ᠃       ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠨᠳᠥᠷ ᠪᠠᠶᠢᠷᠢ ᠠᠴᠠ ᠪᠠᠶᠢᠷᠢᠯᠠᠭᠤᠯᠤᠯᠲᠠ ᠶᠢ ᠠᠬᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠷᠭ᠎ᠠ ᠰᠦᠪᠡᠭᠴᠢᠯᠡᠵᠦ ᠬᠡᠷᠡᠭᠵᠢᠭᠦᠯᠦᠨ᠂ ᠬᠤᠶᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠡᠮᠬᠢ ᠵᠢᠷᠤᠮ ᠲᠠᠢ ᠵᠣᠯᠭᠠᠭᠤᠯᠵᠤ᠂ ᠬᠤᠯᠪᠣᠭᠠᠯᠠᠨ ᠠᠬᠢᠭᠤᠯᠬᠤ ᠶᠢ ᠠᠬᠢᠭᠤᠯᠵᠤ᠂ ᠤᠯᠤᠰ ᠲᠥᠷᠥ  ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠣᠶ ᠪᠣᠯᠭᠠᠨ᠂ ᠬᠠᠮᠲᠤ ᠨᠡᠶᠢᠲᠡ ᠳᠤ ᠬᠠᠷᠰᠢ ᠰᠠᠭᠠᠳ ᠤᠴᠠᠷᠠᠭᠰᠠᠳ ᠢ ᠠᠷᠢᠯᠭᠠᠵᠤ᠂ ᠠᠷᠬᠠᠭ ᠬᠡᠮ ᠢ ᠴᠡᠭᠴᠡᠯᠡᠨ ᠵᠠᠰᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠦᠨ ᠰᠡᠷᠭᠦᠭᠡᠬᠦ ᠶᠢ ᠬᠦᠴᠦᠲᠡᠶ ᠠᠬᠢᠭᠤᠯᠵᠤ᠂ ᠵᠢᠱᠢᠭᠰᠡᠨ ᠬᠠᠷᠠᠯᠲᠠ ᠳᠠᠭᠠᠨ ᠬᠦᠷᠴᠦ᠂ ᠴᠢᠬᠤᠯᠠ ᠦᠷ᠎ᠡ ᠪᠦᠲᠦᠭᠡᠯ ᠤᠯᠪᠠ  ᠃ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠳᠤᠮᠳᠠ ᠬᠤᠷᠠᠮᠳᠤᠭᠤᠯᠤᠭᠰᠠᠨ ᠲᠤᠷᠰᠢᠯᠭ᠎ᠠ ᠶᠢ ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ  ᠃        ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠶ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠨ᠎ᠠ᠂ ᠲᠤᠮᠤ ᠳ᠋ᠠᠶᠢᠲ᠋ᠠ ᠶᠢᠨ ᠤᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ᠎ᠡ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ ᠢ ᠴᠢᠷᠮᠠᠶᠢᠨ ᠪᠦᠲᠦᠭᠡᠨ ᠪᠠᠶᠢᠭᠤᠯᠤᠶ᠎ᠠ᠂ ᠬᠠᠤᠯᠢᠵᠢᠯ ᠤᠨ ᠥᠪᠥᠷ ᠮᠣᠩᠭᠤᠯ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ  ᠃  ᠃ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ( ᠬᠤᠳᠠ᠂ ᠲᠣᠭᠤᠷᠢᠭ ) ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号