ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠬᠤᠷᠠᠯ ᠬᠢᠪᠠ ᠱᠢ ᠲᠠᠢ ᠹᠧᠩ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2022/1/21
     1 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠩᠬᠠᠳᠤᠭᠠᠷ ᠬᠤᠷᠠᠯ ᠬᠢᠪᠠ  ᠃       ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 62 ᠬᠥᠮᠦᠨ ᠪᠣᠶ᠂ 56 ᠬᠥᠮᠦᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ  ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠪᠡ  ᠃      ᠬᠤᠷᠠᠯ ᠠᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ 》 ᠢ ᠪᠠᠲᠤᠯᠠᠪᠠ  ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠢ ᠱᠢ ᠲᠠᠢ ᠹᠸᠡᠭ᠂ ᠯᠢᠨ ᠱᠣᠤ ᠴᠦᠨ᠂ ᠯᠢ ᠷᠦᠡᠭ ᠰᠢ᠂ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠱᠢ ᠸᠧᠨ ᠰᠢᠤᠸᠠᠢ ᠪᠣᠯᠤᠨ᠎ᠠ  ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠡᠳᠦᠷ ᠤᠨ ᠳᠠᠷᠠᠭᠠᠯᠠᠯ᠂ ᠭᠦᠶᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠬᠤᠪᠢᠶᠠᠭᠰᠠᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠶᠢ ᠵᠣᠭᠰᠣᠭᠠᠬᠤ ᠴᠠᠭ ᠤᠨ ᠲᠤᠬᠠᠶ ᠲᠣᠭᠲᠠᠭᠠᠯ ᠵᠢᠴᠢ ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠶᠢ ᠪᠠᠲᠤᠯᠠᠪᠠ  ᠃ ᠶᠡᠭᠡ ᠬᠤᠷᠠᠯ ᠠᠴᠠ ᠲᠥᠯᠥᠭᠡᠯᠡᠭᠴᠢᠳ ᠤᠨ ᠵᠥᠪᠯᠡᠯᠭᠡ ᠳᠤᠷᠠᠳᠬᠤ ᠴᠠᠭ ᠢ 2022 ᠣᠨ ᠤ 1 ᠰᠠᠷ᠎ᠠ ᠶᠢᠨ 22 ᠤᠨ ᠡᠳᠦᠷ ᠤᠨ 18 ᠴᠠᠭ ᠭᠡᠵᠦ ᠲᠣᠭᠲᠠᠭᠠᠪᠠ  ᠃       ᠬᠤᠷᠠᠯ ᠠᠴᠠ ᠶᠡᠭᠡ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠶ ᠶᠢᠨ ᠬᠢᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢᠨ ᠲᠥᠰᠦᠯ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠴᠤ᠂ ᠪᠠᠲᠤᠯᠠᠭᠰᠠᠨ ᠰᠣᠩᠭᠤᠭᠤᠯᠢ ᠶᠢᠨ ᠠᠷᠭ᠎ᠠ ᠶᠢᠨ ᠲᠥᠰᠦᠯ ᠢ ᠪᠥᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠵᠤ ᠬᠢᠨᠠᠨ ᠵᠥᠪᠯᠡᠭᠦᠯᠦᠭᠰᠡᠨ ᠤ ᠳᠠᠷᠠᠭ᠎ᠠ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号