ᠹᠧᠩ ᠵᠢᠶᠠ ᠵᠢᠤᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠢᠩᠬᠢᠮ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠺᠠᠳ᠋ᠷ ᠯᠢᠦ ᠰᠢᠤᠸᠠᠢ ᠮᠢᠨ ᠪᠠᠶ ᠪᠦ᠋ᠦ ᠢᠦ᠋ᠶ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/1/27
       ᠪᠠᠷᠰ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ 1 ᠳ᠋ᠦ᠋ᠭᠡᠷ ᠰᠠᠷ᠎ᠠ ᠶᠢᠨ 25 ᠤ ᠡᠳᠦᠷ᠂ 26 ᠤ ᠡᠳᠦᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠲᠢᠩᠬᠢᠮ ᠤᠨ ᠵᠢᠩᠬᠢᠨᠢ ᠲᠢᠩᠬᠢᠮ ᠤᠨ ᠲᠠᠰ ᠤᠨ ᠠᠵᠢᠯ ᠠᠴᠠ ᠪᠠᠨ ᠠᠮᠠᠷᠠᠭᠰᠠᠨ ᠺᠠᠳ᠋ᠷ ᠯᠢᠦ ᠰᠢᠤᠸᠠᠢ ᠮᠢᠨ᠂ ᠪᠠᠶ ᠪᠦ᠋ᠦ ᠢᠦ᠋ᠶ ᠶᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠡᠮᠦᠨ᠎ᠡ ᠠᠴᠠ ᠠᠬᠠᠮᠠᠳ ᠺᠠᠳ᠋ᠷ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠭᠰᠡᠨ ᠪᠥᠭᠡᠳ ᠲᠡᠳᠡᠨ ᠤ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ  ᠃       1 ᠰᠠᠷ᠎ᠠ ᠶᠢᠨ 25 ᠤ ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠹᠧᠩ ᠵᠢᠶᠠ ᠵᠢᠤᠢ ᠯᠢᠦ ᠰᠢᠤᠸᠠᠢ ᠮᠢᠨ ᠤ ᠭᠡᠷ ᠲᠤ ᠬᠦᠷᠴᠦ ᠪᠣᠯᠭᠤᠭᠠᠨ ᠲᠣᠬᠤᠨᠢᠭᠤᠯᠪᠠ  ᠃ 《 ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠤᠯ᠎ᠠ᠂ ᠪᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠢ ᠲᠥᠯᠥᠭᠡᠯᠡᠨ ᠲᠠᠨ ᠳᠤ ᠰᠢᠨ᠎ᠡ ᠶᠢᠨ ᠵᠣᠯᠭᠠᠯᠲᠠ ᠬᠢᠵᠦ ᠪᠠᠶᠢᠨ᠎ᠠ! 》 ᠣᠷᠣᠵᠤ ᠢᠷᠡᠮᠡᠭᠴᠡ᠂ ᠹᠧᠩ ᠵᠢᠶᠠ ᠵᠢᠤᠢ ᠴᠢᠩ ᠰᠡᠳᠬᠢᠯ ᠤᠨ ᠵᠥᠩᠨᠡᠯ ᠳᠡᠪᠰᠢᠭᠦᠯᠦᠭᠰᠡᠨ ᠪᠥᠭᠡᠳ ᠠᠬᠠᠮᠠᠳ ᠨᠥᠬᠦᠳ ᠤᠨ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠥᠩᠭᠡᠷᠡᠯᠲᠡ ᠶᠢ ᠬᠠᠮᠲᠤ ᠪᠠᠷ ᠡᠷᠭᠢᠴᠡᠭᠦᠯᠪᠡ  ᠃ ᠯᠢᠦ ᠰᠢᠤᠸᠠᠢ ᠮᠢᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠵᠣᠬᠢᠶᠠᠨ ᠪᠦᠲᠦᠭᠡᠭᠰᠡᠨ ᠪᠡᠬᠡᠨ ᠵᠢᠷᠤᠭ ᠪᠠ ᠰᠡᠶᠢᠯᠦᠮᠡᠯ ᠪᠦᠲᠦᠭᠡᠯ ᠢ ᠬᠠᠯᠠᠭᠤᠮᠰᠤᠭ ᠢᠶᠠᠷ ᠳᠡᠯᠭᠡᠨ ᠦᠵᠡᠭᠦᠯᠵᠦ᠂ ᠹᠧᠩ ᠣᠪᠣᠭᠲᠤ ᠶᠢᠨ ᠬᠢᠨ ᠨᠠᠷᠢᠨ ᠨᠢᠮᠪᠠᠢ ᠰᠣᠨᠢᠷᠬᠠᠭᠰᠠᠨ ᠪᠥᠭᠡᠳ ᠨᠠᠰᠤᠲᠠᠨ ᠤ ᠵᠣᠬᠢᠶᠠᠨ ᠪᠦᠲᠦᠭᠡᠬᠦ ᠬᠠᠯᠠᠭᠤᠨ ᠰᠡᠳᠬᠢᠯᠭᠡ ᠵᠢᠴᠢ ᠡᠯᠪᠡᠭ ᠪᠠᠶᠠᠯᠢᠭ ᠠᠵᠢᠯ ᠤᠨ ᠴᠢᠯᠥᠭᠡᠨ ᠤ ᠠᠮᠢᠳᠤᠷᠠᠯ ᠢ ᠪᠢᠰᠢᠷᠡᠵᠦ ᠪᠠᠶᠢᠬᠤ ᠪᠠ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ  ᠃        ᠹᠧᠩ ᠵᠢᠶᠠ ᠵᠢᠤᠢ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ ᠮᠥᠨ᠂ ᠠᠬᠠᠮᠠᠳ ᠨᠥᠬᠦᠳ ᠪᠡᠶ᠎ᠡ ᠪᠠᠨ ᠬᠢᠴᠢᠶᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠠᠵᠢᠯ ᠤᠨ ᠴᠢᠯᠥᠭᠡᠨ ᠤ ᠠᠮᠢᠳᠤᠷᠠᠯ ᠢᠶᠠᠨ ᠪᠠᠶᠠᠯᠢᠭᠵᠢᠭᠤᠯᠵᠤ᠂ ᠥᠲᠡᠯᠦᠭᠡ ᠨᠠᠰᠤᠨ ᠳᠠᠭᠠᠨ ᠪᠠᠶᠠᠷ ᠪᠠᠶᠠᠰᠤᠯ ᠲᠠᠢ ᠪᠠᠶᠢᠬᠤ ᠬᠡᠷᠡᠭᠲᠡᠢ  ᠃ ᠯᠢᠦ ᠰᠢᠤᠸᠠᠢ ᠮᠢᠨ ᠹᠧᠩ ᠵᠢᠶᠠ ᠵᠢᠤᠢ ᠶᠢᠨ ᠲᠤᠰᠬᠠᠶᠢᠯᠠᠨ ᠡᠷᠬᠢᠨ ᠦᠵᠡᠬᠦ ᠪᠠᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠣᠯᠤᠭᠰᠠᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠬᠤ ᠪᠠᠨ ᠢᠯᠡᠳᠬᠡᠪᠡ  ᠃       1 ᠰᠠᠷ᠎ᠠ ᠶᠢᠨ 26 ᠤ ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠹᠧᠩ ᠵᠢᠶᠠ ᠵᠢᠤᠢ ᠪᠠᠢ ᠪᠦ᠋ᠦ ᠢᠦ᠋ᠢ ᠶᠢᠨ ᠭᠡᠷ ᠲᠤ ᠬᠦᠷᠴᠦ ᠪᠣᠯᠭᠤᠭᠠᠨ ᠲᠣᠬᠤᠨᠢᠭᠤᠯᠪᠠ  ᠃ ᠲᠡᠷᠡ ᠪᠠᠢ ᠪᠦ᠋ᠦ ᠢᠦ᠋ᠢ ᠳᠤ 2021 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ ᠪᠠᠨ ᠮᠡᠳᠡᠭᠳᠡᠪᠡ  ᠃ ᠹᠧᠩ ᠵᠢᠶᠠ ᠵᠢᠤᠢ᠂ 2021 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠢᠩᠬᠢᠮ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠠᠷᠢᠭᠤᠴᠠᠯᠭ᠎ᠠ ᠭᠤᠤᠯ ᠠᠵᠢᠯ ᠢ ᠳᠣᠪᠣᠶᠢᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ 《 ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠵᠦᠶᠯ  ᠤᠨ ᠠᠵᠢᠯ ᠤᠨ ᠰᠢᠨ᠎ᠡ ᠠᠮᠵᠢᠯᠲᠠ ᠤᠯᠬᠤ ᠶᠢ ᠠᠬᠢᠭᠤᠯᠵᠤ᠂ 《 ᠥᠪᠥᠷ ᠮᠣᠩᠭᠤᠯ ᠤᠨ 〈 ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 〉 ᠠᠵᠢᠯᠯᠠᠭ᠎ᠠ ᠶᠢ ᠬᠡᠷᠡᠭᠵᠢᠭᠦᠯᠵᠦ ᠣᠷᠣᠨ ᠪᠦᠰᠡ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ 》 ᠨᠢ ᠲᠥᠷᠥ ᠶᠢᠨ ᠶᠠᠪᠤᠳᠠᠯ ᠤᠨ ᠬᠤᠷᠢᠶᠠᠨ ᠤ ᠨᠠᠶᠮᠠᠳᠤᠭᠠᠷ ᠤᠳᠠᠭ᠎ᠠ ᠶᠢᠨ ᠶᠡᠭᠡ  ᠃ ᠠᠬᠠᠮᠠᠳ ᠺᠠᠳ᠋ᠷ ᠠᠵᠢᠯ ᠤᠨ ᠪᠠᠶᠢᠷᠢ ᠠᠴᠠ ᠪᠠᠨ ᠪᠠᠭᠤᠭᠰᠠᠨ ᠴᠤ ᠬᠠᠶᠢᠷ᠎ᠠ ᠰᠡᠳᠬᠢᠯᠭᠡ ᠦᠭᠡᠢ ᠪᠠᠶᠢᠵᠤ᠂ ᠠᠬᠠᠮᠠᠳ ᠺᠠᠳ᠋ᠷ ᠤᠨ ᠬᠠᠶᠢᠷ᠎ᠠ ᠬᠠᠯᠠᠮᠵᠢ ᠪᠠ ᠳᠡᠮᠵᠢᠯᠭᠡ ᠳᠣᠣᠷ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠡᠳᠦᠷ ᠠᠴᠠ ᠡᠳᠦᠷ ᠰᠢᠨᠡᠳᠴᠦ᠂ ᠦᠷᠭᠦᠯᠵᠢᠯᠡᠨ ᠤᠯᠠᠮᠵᠢᠯᠠᠭᠳᠠᠵᠤ ᠪᠠᠶᠢᠨ᠎ᠠ  ᠃        ᠪᠠᠶ ᠪᠦ᠋ᠦ ᠢᠦ᠋ᠶ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ 2021 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠰ ᠤᠨ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠶᠯᠡᠰ ᠤᠨ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠵᠣ᠂ ᠰᠢᠨ᠎ᠡ ᠳᠡᠭᠲᠡᠷ ᠲᠤ ᠭᠠᠷᠬᠤ ᠶᠢ ᠴᠢᠩ ᠰᠡᠳᠬᠢᠯ  ᠠᠴᠠ ᠪᠠᠨ ᠬᠦᠰᠡᠨ ᠵᠥᠩᠨᠡᠪᠡ  ᠃        ᠲᠢᠩᠬᠢᠮ ᠤᠨ ᠪᠠᠶᠢᠭᠤᠯᠭ᠎ᠠ ᠶᠢᠨ ᠠᠯᠪᠠᠨ ᠬᠡᠷ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠠᠵᠢᠯ ᠤᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠠᠮᠲᠤ ᠪᠣᠯᠭᠤᠭᠠᠨ ᠦᠵᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号