ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/27
      1 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ  ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠤᠳᠤᠷᠢᠳᠬᠤ ᠳᠤᠭᠤᠶᠢᠯᠠᠩ ᠤᠨ 2021 ᠣᠨ ᠤ ᠠᠵᠢᠯ ᠤᠨ ᠳ᠋ᠦᠩᠨᠡᠯᠲᠡ ᠪᠠ 2022 ᠣᠨ ᠤ ᠠᠵᠢᠯ ᠤᠨ ᠭᠤᠤᠯᠳᠠᠯᠭ᠎ᠠ ᠶᠢ ᠰᠤᠳᠤᠯᠤᠨ ᠬᠢᠨᠠᠨ ᠵᠥᠪᠯᠡᠪᠡ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ  ᠤᠨ ᠳᠠᠷᠤᠭ᠎ᠠ ᠱᠢ ᠲᠠᠢ ᠹᠧᠩ ᠬᠤᠷᠠᠯ ᠢ ᠡᠷᠬᠢᠯᠡᠪᠡ  ᠃        ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ ᠸᠧᠢ ᠳ᠋ᠦᠩ᠂ ᠢᠦ᠋ᠢ ᠯᠢ ᠰᠢᠨ ᠬᠤᠷᠠᠯ ᠳᠤ ᠣᠷᠣᠯᠴᠠᠵᠠᠢ  ᠃        ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠯᠢ ᠣᠯᠠᠨ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠶᠡᠭᠡ ᠬᠡᠮᠵᠢᠶᠡᠨ ᠤ ᠪᠡᠷᠬᠡ ᠬᠠᠲᠠᠭᠤᠵᠢᠯᠲᠠᠶ ᠬᠦᠨᠳᠦ ᠨᠦᠰᠡᠷ ᠡᠭᠦᠷᠭᠡ ᠶᠢ ᠪᠡᠶᠡᠯᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠢᠯᠠᠩᠭᠤᠶ᠎ᠠ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢ ᠰᠢᠨ᠎ᠡ ᠳᠡᠭᠡᠭᠰᠢᠯᠡᠯᠲᠡ ᠲᠠᠢ ᠪᠣᠯᠭᠠᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠶᠢ ᠠᠬᠢᠭᠤᠯᠪᠠ  ᠃        ᠬᠤᠷᠠᠯ ᠠᠴᠠ᠂ ᠡᠨᠡ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠥᠭᠡᠳ ᠪᠦᠬᠦ ᠣᠷᠣᠨ ᠳᠠᠶᠠᠭᠠᠷ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ  ᠶᠢᠨ ᠵᠢᠯ ᠪᠣᠯᠤᠨ᠎ᠠ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ  ᠃ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠯ᠎ᠡ ᠲᠠᠯ᠎ᠠ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠬᠦᠴᠦᠲᠡᠶ ᠰᠠᠶᠢᠲᠤᠷ ᠠᠳᠬᠤᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠥᠲᠥᠯᠥᠨ ᠳᠠᠭᠠᠭᠤᠯᠵᠤ ᠪᠠᠲᠤᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠨᠠᠩ ᠰᠠᠶᠢᠲᠤᠷ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠠᠬᠢᠭᠤᠯᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ  ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠵᠢᠭᠠᠵᠤ ᠭᠠᠷᠭᠠᠪᠠ  ᠃        ᠬᠤᠷᠠᠯ ᠠᠴᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠬᠥᠮᠦᠵᠢᠯ ᠪᠣᠯᠤᠨ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠶᠡᠷᠦᠮᠳᠡᠭ ᠪᠣᠯᠭᠠᠬᠤ᠂ ᠰᠠᠨᠠᠭᠠᠨ ᠲᠠᠪᠠ ᠪᠠᠷ ᠢᠶᠠᠨ ᠪᠣᠯᠭᠠᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ 《 ᠬᠤᠶᠠᠷ ᠢ ᠲᠣᠭᠲᠠᠭᠠᠬᠤ 》 ᠶᠢ ᠡᠷᠡᠰ ᠬᠦᠷᠢᠶᠡᠯᠡᠵᠦ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠵᠦ᠂ ᠡᠯ᠎ᠡ ᠵᠦᠶᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ  ᠃ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠣᠨᠣᠯ ᠤᠨ ᠤᠬᠠᠮᠰᠠᠷ ᠢᠶᠠᠨ ᠴᠢᠩᠭᠠᠳᠬᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠢᠮᠠᠭᠲᠠ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ  ᠪᠠᠷ ᠪᠦᠲᠦᠮᠵᠢᠲᠡᠶ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠨ ᠦᠶᠯᠡᠳᠦᠯᠭᠡ ᠪᠠᠨ ᠵᠢᠯᠣᠭᠤᠳᠣᠭᠤᠯᠵᠤ ᠠᠵᠢᠯ ᠢᠶᠠᠨ ᠠᠬᠢᠭᠤᠯᠬᠤ ᠶᠢ ᠠᠬᠢᠭᠤᠯᠬᠤ ᠬᠡᠷᠡᠭᠲᠡᠶ  ᠃ ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭ᠎ᠠ ᠪᠣᠳᠠᠲᠠᠢ ᠴᠢᠩᠭᠠᠳᠬᠠᠵᠤ᠂ ᠢᠯᠠᠩᠭᠤᠶ᠎ᠠ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠦᠨᠡᠨ ᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠪᠣᠯᠤᠨ ᠵᠠᠯᠠᠭᠤ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠬᠤᠯᠠᠴᠢᠯᠠᠨ ᠰᠠᠶᠢᠲᠤᠷ ᠠᠳᠬᠤᠵᠤ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠭᠡ  ᠪᠠᠷ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠢ  ᠃ 《 ᠳᠥᠷᠪᠡᠨ ᠰᠤᠷᠲᠠᠯ 》 ᠢ ᠴᠥᠬᠦᠷᠡᠰᠢ ᠥᠬᠡᠶ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠣᠯᠭᠠᠵᠤ᠂ ᠡᠯ᠎ᠡ ᠲᠥᠷᠥᠯ ᠤᠨ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠳᠠᠯᠳᠠ ᠴᠢᠨᠠᠷᠲᠠᠶ ᠠᠰᠠᠭᠤᠳᠠᠯ ᠢ ᠨᠢᠭᠲᠠ ᠠᠩᠬᠠᠷᠬᠤ ᠪᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠴᠤᠬᠤᠶᠢᠭᠰᠠᠭᠠᠷ ᠴᠣᠬᠢᠵᠤ᠂ ᠭᠦᠨᠵᠡᠭᠡᠶ ᠪᠠᠶᠢᠴᠠᠭᠠᠵᠤ ᠴᠢᠩᠭ᠎ᠠ ᠴᠣᠬᠢᠯᠲᠠ ᠥᠭᠴᠦ᠂ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠭᠦᠨᠵᠡᠭᠡᠶ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠠᠶᠢᠵᠢᠷᠠᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ  ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠂ ᠣᠳᠣᠬᠠᠨ ᠤ ᠢᠯᠵᠠᠷᠠᠯ ᠤᠨ ᠠᠶᠤᠯ ᠲᠦᠭᠰᠢᠭᠦᠷᠢ ᠶᠢᠨ ᠴᠡᠭ ᠢ ᠨᠠᠷᠢᠯᠢᠭ ᠣᠨᠣᠴᠠᠲᠠᠢ ᠰᠤᠳᠤᠯᠤᠨ ᠮᠠᠭᠠᠳᠯᠠᠵᠤ᠂ ᠨᠣᠶᠠᠳ ᠬᠤᠳᠠᠯᠳᠤᠭᠠᠴᠢᠳ ᠰᠥᠯᠪᠡᠭᠡᠯᠳᠦᠬᠦ᠂ ᠠᠰᠢᠭ ᠲᠤᠰᠠ ᠳᠠᠮᠵᠢᠭᠤᠯᠤᠨ ᠬᠦᠷᠭᠡᠬᠦ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠢᠰᠲ᠋ᠧᠮᠲᠦ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠪᠦᠷᠬᠦᠴᠡ ᠶᠢ ᠲᠤᠶᠢᠯᠪᠤᠷᠢᠲᠠᠢ ᠢᠯᠡᠴᠢᠯᠡᠨ᠂ ᠬᠡᠷᠡᠭ ᠢᠶᠠᠷ ᠥᠭᠡᠷᠡᠴᠢᠯᠡᠯᠲᠡ  ᠶᠢ ᠠᠬᠢᠭᠤᠯᠬᠤ᠂ ᠬᠡᠷᠡᠭ ᠢᠶᠠᠷ ᠪᠠᠶᠢᠭᠤᠯᠤᠯᠲᠠ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠵᠤ᠂ 《 ᠭᠤᠷᠪᠠᠨ ᠦᠭᠡᠢ 》 ᠶᠢ ᠨᠢᠭᠡ ᠴᠤᠬᠴᠠᠵᠢᠭᠤᠯᠤᠨ ᠠᠬᠢᠭᠤᠯᠬᠤ ᠲᠥᠪᠯᠡᠷᠡᠩᠭᠦᠢ ᠦᠢᠯᠡᠳᠦᠯ ᠢ ᠲᠠᠰᠤᠷᠠᠯᠳᠠ ᠦᠭᠡᠢ ᠪᠠᠬᠢᠵᠢᠭᠦᠯᠦᠨ ᠶᠡᠬᠡᠰᠬᠡᠬᠦ ᠬᠡᠷᠡᠭᠲᠡᠢ  ᠃ ᠨᠠᠮ ᠤᠨ ᠲᠦᠷᠢᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠦᠷᠢᠮ ᠤᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠦᠷᠢᠮ ᠤᠨ ᠬᠡᠷᠡᠭᠵᠢᠭᠦᠯᠦᠯᠲᠡ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠲᠦᠷᠢᠮ ᠢ ᠦᠨᠡᠨ ᠬᠦ 《 ᠰᠢᠳᠤ ᠤᠷᠭᠤᠭᠤᠯᠵᠤ 》᠂ 《 ᠴᠠᠬᠢᠯᠭᠠᠨᠵᠢᠭᠤᠯᠬᠤ 》 ᠬᠡᠷᠡᠭᠲᠡᠢ  ᠃ ᠡᠯ᠎ᠡ ᠱᠠᠲᠤ ᠡᠯ᠎ᠡ ᠲᠠᠯ᠎ᠠ ᠶᠢᠨ ᠬᠢᠨ ᠤᠬᠠᠮᠰᠠᠷ ᠠᠴᠠ ᠪᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠬᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠰᠢᠨ᠎ᠡ ᠦᠷ᠎ᠡ ᠪᠦᠲᠦᠮᠵᠢ ᠪᠠᠷ ᠡᠯ᠎ᠡ ᠵᠦᠢᠯ ᠤᠨ ᠦᠢᠯᠡᠰ ᠤᠨ ᠰᠢᠨ᠎ᠡ ᠬᠥᠭᠵᠢᠯᠲᠡ ᠶᠢ ᠳᠠᠶᠢᠴᠢᠯᠠᠬᠤ ᠬᠡᠷᠡᠭᠲᠡᠢ  ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号