ᠰᠢᠨ᠎ᠡ ᠶᠢ ᠡᠭᠦᠳᠬᠦ ᠶᠢ ᠰᠤᠯᠠᠷᠠᠭᠤᠯᠤᠯ ᠦᠭᠡᠢ ᠪᠠᠷᠢᠮᠲᠠᠯᠠᠨ᠎ᠠ
ᠨᠡᠶᠢᠲᠡᠯᠡᠭᠰᠡᠨ ᠴᠠᠭ᠄
2022/6/20
     ᠶᠡᠷᠦᠩᠬᠡᠢ ᠱᠦᠵᠢ ᠰᠢ ᠶᠢᠨ ᠫᠢᠩ᠄ ︽ᠰᠢᠨ᠎ᠡ ᠶᠢ ᠡᠭᠦᠳᠬᠦ ᠬᠡᠯᠬᠢ᠊ ᠡᠶ᠎ᠡ ᠠᠵᠤ ᠦᠢᠯᠡᠰ ᠤᠨ ᠬᠡᠯᠬᠢ᠊ ᠡᠶ᠎ᠡ ᠶᠢᠨ ᠠᠭᠤᠰᠤᠯᠴᠠᠯ ᠤᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠭᠲᠠᠭᠠᠬᠤ ᠳᠤ ᠪᠤᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠵᠥᠪ ᠴᠢᠭᠯᠡᠯ ᠢᠶᠠᠷ ᠵᠣᠷᠢᠭᠵᠢᠭᠤᠯᠵᠤ᠂ ᠭᠡᠳᠡᠷᠬᠦ ᠪᠠᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠰᠢᠬᠠᠮᠳᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠰᠡᠳᠦᠪ ᠭᠠᠷᠭᠠᠭᠴᠢ ᠶᠢᠨ ᠦᠶ᠋ᠯᠡᠳᠦᠯ ᠢ ᠪᠠᠳᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠶ᠋ᠯ ᠢ ᠬᠠᠮᠵᠢᠯᠴᠠᠭᠤᠯᠬᠤ ᠪᠠ ᠰᠤᠳᠤᠯᠤᠨ ᠨᠡᠭᠡᠭᠡᠬᠦ ᠠᠵᠢᠯᠯᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠲᠦᠷᠦᠭᠦᠯᠡᠨ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠲᠤᠯᠭᠠᠭᠤᠷᠢᠯᠠᠯ᠂ ᠡᠯ᠎ᠡ ᠰᠢᠨ᠎ᠡ ᠶᠢ ᠡᠭᠦᠳᠬᠦ ᠭᠤᠤᠯ ᠴᠣᠭᠴᠠ ᠬᠠᠷᠢᠯᠴᠠᠨ ᠬᠠᠮᠵᠢᠯᠴᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠥᠨᠳᠥᠷ ᠪᠦᠲᠦᠮᠵᠢᠲᠡᠶ ᠬᠦᠴᠦᠷᠬᠡᠭ ᠶᠡᠭᠡ ᠨᠡᠶᠢᠲᠡᠯᠢᠭ ᠴᠢᠨᠠᠷᠲᠠᠶ ᠮᠡᠷᠭᠡᠵᠢᠯ ᠤᠨ ᠬᠠᠩᠭᠠᠯᠭ᠎ᠠ ᠶᠢᠨ ᠰᠢᠰᠲ᠋ᠧᠮ ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠨᠳᠤᠤᠰᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃︾᠃      ᠶᠡᠷᠦᠩᠬᠡᠢ ᠱᠦᠵᠢ ᠰᠢ ᠶᠢᠨ ᠫᠢᠩ ᠤᠨ ᠡᠨᠡᠬᠦ ᠴᠢᠬᠤᠯᠠ ᠥᠭᠦᠯᠡᠯᠲᠡ ᠨᠢ ᠥᠷᠭᠡᠨ ᠤᠯᠠᠨ ᠠᠵᠤ ᠠᠬᠤᠶᠢᠯᠠᠯ ᠤᠨ ᠬᠦᠴᠢᠷ ᠢ ᠰᠦᠷᠦᠨ ᠤᠷᠤᠭᠰᠢᠯᠠᠵᠤ᠂ ᠦᠷᠭᠦᠯᠵᠢᠯᠡᠨ ᠰᠢᠨ᠎ᠡ ᠶᠢ ᠡᠭᠦᠳᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃           ᠲᠦᠷᠦᠭᠦᠬᠡᠨ ᠶᠠᠪᠤᠭᠳᠠᠭᠰᠠᠨ ︽2022 ᠣᠨ ᠤ ᠰᠢᠨ᠎ᠡ ᠶᠢ ᠡᠭᠦᠳᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠷᠢᠶᠠᠨ ᠤ ᠲᠠᠪᠴᠠᠩ︾ ᠳᠡᠭᠡᠷ᠎ᠡ᠂ ᠬᠤᠸᠠ ᠸᠧᠶ ᠶᠢᠨ ᠨᠡᠶᠢᠲᠡᠯᠡᠭᠰᠡᠨ ᠰᠢᠨ᠎ᠡ ᠶᠢ ᠡᠭᠦᠳᠬᠦ ᠬᠠᠷᠢᠭᠤᠯᠲᠠ ᠶᠢᠨ ᠬᠠᠭᠤᠳᠠᠰᠤ ᠬᠥᠮᠦᠰ ᠤᠨ ᠠᠩᠬᠠᠷᠤᠯ ᠢ ᠲᠠᠲᠠᠪᠠ᠄ 2021 ᠣᠨ ᠳᠤ᠂ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ 1427 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ ᠪᠥᠬᠦ ᠵᠢᠯ ᠤᠨ ᠣᠷᠣᠯᠭ᠎ᠠ ᠶᠢᠨ 22 . 4 % ᠶᠢ ᠡᠵᠡᠯᠡᠵᠦ᠂ ᠧᠦ᠋ᠷᠣᠫᠠ ᠶᠢᠨ ᠬᠤᠯᠪᠣᠭᠠᠨ ᠤ ᠠᠵᠤ ᠦᠶ᠋ᠯᠡᠳᠪᠦᠷᠢ ᠶᠢᠨ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠲᠤ ᠣᠷᠣᠪᠠ︔ 2021 ᠣᠨ ᠤ ᠡᠴᠦᠰ ᠪᠣᠯᠲᠠᠯ᠎ᠠ᠂ ᠪᠥᠬᠦ ᠳᠡᠯᠡᠬᠡᠶ ᠳᠤ ᠬᠦᠴᠦᠨ ᠪᠥᠬᠦᠶ ᠡᠷᠬᠡ ᠣᠯᠭᠤᠭᠰᠠᠨ ᠲᠤᠰᠬᠠᠶ ᠠᠰᠢᠭ ᠨᠡᠶᠢᠲᠡ 11 ᠲᠦᠮᠡᠨ ᠬᠤᠪᠢ ᠶᠢ ᠳᠠᠪᠠᠵᠤ᠂ 90 % ᠠᠴᠠ ᠳᠡᠭᠡᠭᠰᠢᠬᠢ ᠲᠤᠰᠬᠠᠶ ᠠᠰᠢᠭ ᠨᠢ ᠡᠭᠦᠳᠦᠯᠲᠡ ᠶᠢᠨ ᠲᠤᠰᠬᠠᠶ ᠠᠰᠢᠭ ᠪᠠᠶᠢᠵᠤ ᠂ 2021 ᠣᠨ ᠪᠣᠯᠲᠠᠯ᠎ᠠ᠂ ᠧᠦ᠋ᠷᠣᠫᠠ ᠲᠢᠪ ᠲᠤ ᠲᠤᠰᠬᠠᠶ ᠠᠰᠢᠭ ᠭᠤᠶᠤᠴᠢᠯᠠᠭᠰᠠᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠵᠤ᠂ ᠡᠷᠬᠡ ᠣᠯᠤᠭᠰᠠᠨ ᠠᠮᠧᠷᠢᠺᠠ ᠶᠢᠨ ᠲᠤᠰᠬᠠᠶ ᠠᠰᠢᠭ ᠤᠨ ᠲᠤᠭ᠎ᠠ ᠬᠡᠮᠵᠢᠶ᠎ᠡ ᠠᠩᠬ᠎ᠠ ᠤᠳᠠᠭ᠎ᠠ ᠲᠦᠷᠦᠭᠦᠦ ᠲᠠᠪᠤᠨ ᠨᠡᠷᠡᠰ ᠲᠤ ᠣᠷᠣᠵᠠᠶ᠃      ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠪᠣᠳᠣᠯᠬᠢᠯᠠᠵᠤ ᠪᠠᠶᠢᠭ᠎ᠠ ᠶᠠᠪᠤᠳᠠᠯ ᠮᠥᠨ᠃ ᠤᠷᠤᠭᠰᠢᠲᠠᠢ᠂ ᠤᠷᠤᠭᠰᠢ ᠦᠭᠡᠢ ᠪᠠᠶᠢᠳᠠᠯ ᠭᠡᠰᠡᠨ ᠦᠭᠡᠢ᠂ ᠰᠢᠨ᠎ᠡ ᠶᠢ ᠡᠭᠦᠳᠬᠦ ᠪᠣᠯ ᠴᠥᠮ ᠬᠥᠭᠵᠢᠯᠲᠡ ᠶᠢ ᠬᠦᠲᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠳᠤᠮᠳᠠᠳᠤ ᠭᠠᠳᠠᠭᠠᠳᠤ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠣᠷᠦ᠋ᠢᠯᠠᠭᠰᠠᠳ ᠢ ᠪᠦᠷᠢᠳᠬᠡᠬᠦ ᠳᠤ᠂ ᠢᠮᠠᠭᠲᠠ ᠰᠢᠨ᠎ᠡ ᠶᠢ ᠡᠭᠦᠳᠬᠦ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠬᠥᠮᠦᠨ ᠪᠦᠬᠦᠨ ᠥᠪᠡᠷ ᠤᠨ ᠭᠡᠰᠡᠨ ᠶᠠᠭᠤᠮ᠎ᠠ ᠦᠭᠡᠢ ︽ᠨᠢᠭᠡ ᠠᠷᠭ᠎ᠠ︾᠂ ︽ᠡᠷᠳᠡᠮ ᠴᠢᠳᠠᠯ ᠢᠶᠠᠨ ᠭᠠᠷᠭᠠᠵᠤ︾᠂ ᠬᠦᠴᠢᠷᠳᠡᠯ ᠠᠴᠠ ᠮᠤᠯᠲᠤᠷᠠᠵᠤ᠂ ᠥᠷᠢᠰᠥᠯᠳᠦᠭᠴᠢ ᠪᠠᠨ ᠢᠯᠠᠵᠤ᠂ ᠠᠵᠠ ᠲᠣᠬᠢᠶᠠᠯ ᠢ ᠣᠯᠵᠤ᠂ ᠰᠠᠭᠤᠷᠢ ᠦᠢᠯᠡᠰ ᠤᠨ ᠥᠨᠢᠳᠡ ᠶᠢᠨ ᠨᠣᠭᠤᠭᠠᠨ ᠮᠣᠳᠣ ᠪᠣᠯᠬᠤ ᠬᠡᠷᠡᠭᠲᠡᠢ᠃      ᠰᠢᠨ᠎ᠡ ᠶᠢ ᠡᠭᠦᠳᠬᠦ ᠪᠣᠯ ᠪᠤᠤᠬᠢ᠊ ᠡᠶ᠎ᠡ ᠪᠤᠤᠬᠢ᠊ ᠡᠶ᠎ᠡ ᠤᠷᠤᠯᠳᠤᠭᠠᠨ ᠮᠥᠨ᠂ ᠪᠠᠰᠠ ᠴᠤ ᠬᠠᠷᠢᠯᠴᠠᠨ ᠤᠷᠦᠯᠳᠦᠵᠦ᠂ ᠬᠤᠷᠴᠠ ᠰᠢᠷᠦᠭᠦᠨ ᠥᠷᠢᠰᠥᠯᠳᠦᠭᠡᠨ ᠲᠠᠢ ᠢᠯᠠ ᠤᠷᠤᠯᠳᠤᠭᠠᠨ ᠮᠥᠨ᠃ ᠬᠡᠷᠪᠡ ᠬᠦᠴᠢᠷᠳᠡᠯ ᠲᠤᠯᠭᠠᠷᠠᠪᠠᠯ ᠰᠤᠳᠤᠯᠤᠨ ᠨᠡᠭᠡᠭᠡᠬᠦ ᠪᠠᠨ ᠵᠣᠭᠰᠣᠵᠤ᠂ ᠮᠠᠰᠢ ᠠᠮᠠᠷᠬᠠᠨ ᠤᠷᠢᠳᠤᠬᠢ ᠴᠢᠷᠮᠠᠶᠢᠯᠭ᠎ᠠ ᠪᠠᠨ ᠠᠯᠳᠠᠵᠤ᠂ ᠬᠤᠶᠢᠨᠠᠬᠢ ᠨᠢ ᠳᠠᠪᠠᠵᠤ ᠭᠠᠷᠤᠨ᠎ᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠲᠦᠷᠭᠡᠨ ᠬᠤᠪᠢᠷᠠᠵᠤ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠲᠠᠰᠤᠷᠠᠯᠲᠠ ᠦᠭᠡᠢ ᠢᠯᠡᠷᠡᠵᠦ ᠪᠠᠶᠢᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠪᠡᠯ ᠰᠠᠶᠢ ᠲᠡᠷᠢᠭᠦᠨ ᠤ ᠰᠢᠳᠠᠷ᠎ᠠ ᠪᠠᠨ ᠰᠠᠶᠢᠲᠤᠷ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠵᠤ᠂ ᠨᠡᠩ ᠶᠡᠭᠡ ᠣᠷᠣᠰᠢᠨ ᠲᠣᠭᠲᠠᠨᠢᠬᠤ ᠣᠷᠣᠨ ᠵᠠᠢ ᠶᠢ ᠡᠭᠦᠳᠴᠦ᠂ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠴᠦ ᠴᠢᠳᠠᠨ᠎ᠠ᠃        ᠬᠡᠳᠦ᠋ᠢᠪᠡᠷ ᠣᠳᠣᠬᠠᠨ ᠳᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠶᠢᠮᠦ ᠲᠡᠶᠢᠮᠦ ᠬᠦᠴᠢᠷᠳᠡᠯ ᠲᠤᠯᠭᠠᠷᠠᠵᠤ ᠪᠠᠶᠢᠭ᠎ᠠ ᠪᠣᠯᠪᠠᠴᠤ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠨᠥᠬᠦᠴᠡᠯ ᠬᠤᠪᠢᠷᠠᠭ᠎ᠠ ᠦᠭᠡᠢ᠂ ᠵᠠᠬ᠎ᠠ ᠳᠡᠯᠭᠡᠭᠦᠷ ᠶᠡᠭᠡ᠂ ᠤᠶᠠᠨ ᠬᠠᠳᠠᠨ ᠴᠢᠨᠠᠷ ᠭᠦᠢᠴᠡᠳ᠂ ᠲᠠᠯᠳᠠ ᠬᠦᠴᠦᠨ ᠶᠡᠭᠡ᠂ ᠣᠷᠣᠨ ᠵᠠᠢ ᠥᠷᠭᠡᠨ᠂ ᠡᠷᠭᠢᠯᠲᠡ ᠶᠢᠨ ᠵᠠᠢ ᠶᠡᠭᠡ ᠪᠠᠶᠢᠬᠤ ᠣᠨᠴᠠᠯᠢᠭ ᠬᠤᠪᠢᠷᠠᠭ᠎ᠠ ᠦᠭᠡᠢ᠂ 14 ᠳ᠋ᠦᠩᠰᠢᠭᠤᠷ ᠭᠠᠷᠤᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠢ ᠬᠥᠭᠡᠭᠡᠴᠡᠯᠳᠦᠬᠦ ᠬᠦᠰᠡᠯ ᠬᠤᠪᠢᠷᠠᠭ᠎ᠠ ᠦᠭᠡᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠤᠬᠠᠭᠠᠨᠲᠠᠨ ᠤ ᠨᠡᠶᠢᠳᠡᠮ ᠤᠨ ᠲᠥᠰᠦᠭᠡᠯᠡᠭᠰᠡᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠰᠠᠶᠢᠵᠢᠷᠠᠬᠤ᠂ ᠬᠦᠴᠢᠷᠳᠡᠯ ᠢ ᠰᠢᠶ᠋ᠳᠪᠦᠷᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠭᠡᠳᠬᠡᠨ ᠨᠠᠶᠢᠳᠠᠪᠤᠷᠢᠵᠢᠭᠤᠯᠬᠤ᠂ ᠠᠵᠢᠯ ᠦᠶ᠋ᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠬᠤ ᠶᠢ ᠳᠠᠭᠠᠯᠳᠤᠨ᠂ ᠳᠤᠮᠳᠠᠳᠤ ᠤᠯᠤᠰ ᠤᠨ ᠠᠵᠤ ᠠᠬᠤᠶ ᠬᠦᠴᠦᠷᠬᠡᠭ ᠶᠡᠭᠡ ᠪᠠᠷ ᠪᠤᠴᠠᠵᠤ᠂ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠬᠡᠪ ᠤᠨ ᠵᠠᠮ ᠳᠤ ᠣᠷᠣᠬᠤ ᠪᠣᠯᠤᠨ᠎ᠠ᠃       ᠴᠡᠴᠡᠭ ᠳᠡᠯᠭᠡᠷᠡᠵᠦ ᠦᠷ᠎ᠡ ᠵᠢᠮᠢᠰ ᠰᠠᠭᠤᠵᠤ᠂ ᠠᠵᠠ ᠲᠣᠬᠢᠶᠠᠯ ᠶᠡᠷᠦᠨᠢ ᠪᠡᠯᠡᠳᠬᠡᠯ ᠲᠠᠢ ᠬᠥᠮᠦᠰ ᠲᠤ ᠦᠯᠡᠳᠡᠨ᠎ᠡ᠃ ᠮᠢᠩᠭᠠᠨ ᠪᠡᠷᠬᠡ ᠲᠦᠮᠡᠨ ᠴᠣᠬᠢᠯᠲᠠ ᠳᠤ ᠬᠠᠳᠠᠨ ᠪᠠᠲᠤ ᠬᠡᠪ ᠢᠶᠠᠷ ᠢᠶᠠᠨ᠂ ᠰᠠᠯᠬᠢ ᠪᠣᠷᠣᠭᠠᠨ ᠢ ᠬᠠᠶᠢᠬᠤᠷᠤᠯ ᠦᠭᠡᠢ᠃ ᠠᠵᠤ ᠠᠬᠤᠶᠢᠯᠠᠯᠲᠠᠳ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠠᠯᠤᠰ ᠬᠡᠳᠦ ᠶᠢ ᠪᠣᠳᠣᠯᠬᠢᠯᠠᠵᠤ᠂ ᠳᠠᠷᠤᠯᠲᠠ ᠶᠢ ᠲᠤᠯᠵᠤ᠂ ᠬᠦᠴᠢᠷ ᠢ ᠰᠦᠷᠦᠨ ᠤᠷᠤᠭᠰᠢᠯᠠᠵᠤ᠂ ᠰᠢᠨ᠎ᠡ ᠶᠢ ᠡᠭᠦᠳᠬᠦ ᠶᠢ ᠰᠤᠯᠠᠷᠠᠭᠤᠯᠤᠯ ᠦᠭᠡᠢ ᠴᠢᠩᠭ᠎ᠠ ᠪᠠᠷᠢᠮᠲᠠᠯᠠᠳᠠᠭ ᠯᠠ ᠶᠤᠮ ᠪᠣᠯ ᠯᠠᠪᠲᠠᠢ ᠬᠢᠮᠤᠷᠠᠯ ᠤᠨ ᠳᠤᠮᠳᠠ ᠠᠵᠠ ᠲᠣᠬᠢᠶᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠬᠦᠴᠢᠷᠳᠡᠯ ᠤᠨ ᠳᠤᠮᠳᠠ ᠭᠠᠷᠤᠳᠢ ᠭᠠᠯᠪᠢᠩᠭ᠎ᠠ ᠲᠠᠬᠢᠨ ᠠᠮᠢᠯᠠᠵᠤ ᠴᠢᠳᠠᠨ᠎ᠠ᠃
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号