ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠤᠰ ᠨᠡᠭᠦᠷᠡᠰᠦᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠶᠠᠷᠢᠯᠴᠠᠪᠠ
ᠨᠡᠶᠢᠲᠡᠯᠡᠭᠰᠡᠨ ᠴᠠᠭ᠄
2022/6/21
    6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠤᠩ ᠷᠧᠨ ᠹᠸᠢ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠤᠰ ᠨᠡᠭᠦᠷᠡᠰᠦᠲᠥ᠋ᠷᠥᠭᠴᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠠᠮᠵᠢᠯᠴᠠᠨ ᠠᠬᠢᠭᠤᠯᠬᠤ ᠲᠤᠬᠠᠶ ᠭᠦᠨᠵᠡᠭᠡᠶ ᠵᠥᠪᠳᠡᠯᠴᠡᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠲᠢᠶᠧ ᠶᠦᠩ᠂ ᠵᠠᠩ ᡁᠢ ᠺᠤᠸᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠧ ᠰᠢᠨ ᠮᠢᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠦᠩ ᠶᠠᠷᠢᠯᠴᠠᠬᠤ ᠬᠤᠷᠠᠯ ᠳᠤ ᠣᠷᠣᠯᠴᠠᠵᠠᠢ᠃     ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ᠂ ᠪᠠᠶᠢᠴᠠᠭᠠᠨ ᠰᠤᠳᠤᠯᠬᠤ ᠳᠤᠭᠤᠶᠢᠯᠠᠩ ︽ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠠᠪᠴᠠᠩ︾ ᠵᠡᠷᠭᠡ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠭᠤᠤᠯᠳᠠᠯᠭ᠎ᠠ ᠲᠠᠢ ᠲᠣᠭᠤᠷᠢᠨ ᠦᠵᠡᠪᠡ᠃ ᠹᠧᠩ ᠷᠧᠨ ᠹᠧᠶ ᠰᠦᠨ ᠵᠢᠶᠦ᠋ᠨ ᠴᠢᠩ ᠨᠡᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠠᠶᠢᠯᠴᠢᠯᠠᠭᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠶ᠋ᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠠᠪᠴᠢᠷᠠᠭᠰᠠᠨ ᠰᠢᠨ᠎ᠡ ᠬᠥᠳᠡᠯᠭᠡᠬᠦ ᠡᠨᠧᠷᠭᠢ ᠶᠢ ᠨᠠᠷᠢᠨ ᠲᠠᠨᠢᠯᠴᠠᠭᠤᠯᠪᠠ᠃
     ᠰᠦᠨ ᠵᠢᠶᠦ᠋ᠨ ᠴᠢᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠡᠯᠪᠡᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠬᠢᠭᠤᠯᠤᠭᠰᠠᠨ ᠠᠷᠭ᠎ᠠ ᠬᠡᠮᠵᠢᠶ᠎ᠡ ᠬᠢᠭᠡᠳ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ ᠢᠯᠡᠳᠬᠡᠨ᠎ᠡ᠂ ᠪᠠᠷᠢᠯᠭ᠎ᠠ ᠶᠢᠨ ᠬᠦᠷᠢᠶ᠎ᠡ ᠴᠠᠷᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠡᠯᠪᠡᠭ ᠨᠡᠭᠦᠷᠡᠰᠦᠲᠥ᠋ᠷᠥᠭᠴᠢ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠠᠵᠢᠯᠯᠠᠭ᠎ᠠ ᠶᠢ ᠬᠡᠷᠡᠭᠵᠢᠭᠦᠯᠬᠦ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠠᠷᠭ᠎ᠠ ᠪᠠᠷᠢᠯ ᠢ ᠬᠢᠨᠠᠮᠠᠭᠠᠶ ᠰᠤᠷᠤᠯᠴᠠᠨ ᠲᠣᠯᠢ ᠪᠣᠯᠭᠠᠨ᠎ᠠ᠂ ᠡᠭᠦᠨ ᠤ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠡᠶ᠂ 1 + 1 ᠬᠠᠮᠵᠢᠯᠴᠠᠬᠤ ᠠᠵᠢᠯ ᠤᠨ ᠲᠣᠭᠲᠠᠴᠠ ᠶᠢ ᠬᠠᠮᠲᠤ ᠪᠠᠷ ᠪᠠᠶᠢᠭᠤᠯᠤᠨ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠤᠮᠳᠠ ᠪᠠ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠠᠮᠲᠤ ᠪᠠᠷ ᠴᠢᠩᠭᠠᠳᠬᠠᠨ᠎ᠠ᠂ ᠴᠢᠬᠤᠯᠠ ᠶᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠶᠡᠷᠦᠩᠬᠡᠶᠢᠯᠡᠭᠰᠡᠨ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ ᠶᠢ ᠳᠡᠮᠵᠢᠨ᠎ᠡ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠪᠴᠢᠶᠡᠵᠢᠭᠦᠯᠦᠨ ᠤᠯᠠᠷᠢᠭᠤᠯᠵᠤ ᠬᠡᠷᠡᠭᠯᠡᠬᠦ ᠶᠢ ᠳᠡᠯᠭᠡᠷᠡᠭᠦᠯᠦᠨ᠎ᠡ᠂ ᠥᠪᠡᠷᠲᠡᠭᠡᠨ ᠵᠠᠰᠠᠬᠤ ᠣᠷᠣᠨ ᠤ ᠬᠤᠤᠰ ᠨᠡᠭᠦᠷᠡᠰᠦᠲᠥ᠋ᠷᠥᠭᠴᠢ ᠶᠢᠨ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号