2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠵᠠᠭᠤᠴᠢᠯᠠᠭᠴᠢ ᠶᠢᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/6/23
     ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠯ᠎ᠡ ᠬᠤᠯᠪᠣᠭᠳᠠᠯ ᠪᠥᠬᠦᠶ ᠨᠢᠭᠡᠴᠢ ᠳᠤ᠄       ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠲᠤᠬᠠᠶ ᠡᠳ᠋ ᠤᠨ ᠵᠠᠰᠠᠭ ᠤᠨ ᠪᠠᠯᠠ ᠮᠥᠩᠭᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠂ ᠡᠳᠦᠭᠡ 2022 ᠣᠨ ᠤ ᠮᠡᠷᠭᠡᠵᠢᠯ ᠤᠨ ᠵᠠᠭᠤᠴᠢᠯᠠᠭᠴᠢ ᠶᠢᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠮᠡᠳᠡᠭᠦᠯᠬᠦ ᠨᠥᠬᠦᠴᠡᠯ        ᠮᠡᠳᠡᠭᠦᠯᠦᠭᠴᠢ ᠨᠢ ᠡᠷᠬᠡᠪᠰᠢ ᠳᠣᠣᠷᠠᠬᠢ ᠨᠥᠬᠦᠴᠡᠯ ᠤᠳ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       1 . ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠳᠠᠩᠰᠠᠯᠠᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠰᠢᠯᠵᠢᠭᠦᠯᠦᠨ ᠦᠶ᠋ᠯᠡᠴᠢᠯᠡᠬᠦ ᠪᠠᠶᠢᠭᠤᠯᠤᠮᠵᠢ ᠶᠢᠨ ᠠᠵᠢᠯᠯᠠᠵᠤ ᠪᠠᠶᠢᠭ᠎ᠠ ᠬᠥᠮᠦᠰ︔     2 . ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠰᠢᠯᠵᠢᠭᠦᠯᠬᠦ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠠᠴᠠ ᠡᠷᠬᠢᠯᠡᠭᠰᠡᠨ ᠮᠡᠷᠭᠡᠵᠢᠯ ᠰᠢᠯᠵᠢᠭᠦᠯᠬᠦ ᠲᠤᠰᠬᠠᠶ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢᠨ ᠵᠡᠷᠭᠡ ᠳᠡᠰ ᠤᠨ ᠪᠣᠯᠪᠠᠰᠤᠷᠠᠭᠤᠯᠤᠯ ᠳᠤ ᠣᠷᠣᠯᠴᠠᠵᠤ᠂ ᠠᠩᠬ᠎ᠠ ᠵᠡᠷᠭᠡ ︵ᠪᠠᠭᠲᠠᠨ᠎ᠠ︶ ᠠᠴᠠ ᠳᠡᠭᠡᠭᠰᠢᠬᠢ ᠮᠡᠷᠭᠡᠵᠢᠯ ᠤᠨ ᠵᠠᠭᠤᠴᠢᠯᠠᠭᠴᠢ ᠶᠢᠨ ᠰᠤᠷᠤᠯᠭ᠎ᠠ ᠲᠡᠭᠦᠰᠦᠭᠰᠡᠨ ᠦᠨᠡᠮᠯᠡᠯ ᠣᠯᠤᠭᠰᠠᠨ ᠪᠠᠶᠢᠬᠤ ᠬᠡᠷᠡᠭᠲᠡᠶ︔       3 . 2022 ᠣᠨ ᠳᠤ ︵2021 ᠣᠨ ᠤ 7 ᠳ᠋ᠤᠭᠠᠷ ᠰᠠᠷ᠎ᠠ ᠶᠢᠨ 1 ᠤ ᠡᠳᠦᠷ - 2022 ᠣᠨ ᠤ 6 ᠳ᠋ᠤᠭᠠᠷ ᠰᠠᠷ᠎ᠠ ᠶᠢᠨ 30 ᠤ ᠡᠳᠦᠷ︶ ᠮᠡᠷᠭᠡᠵᠢᠯ ᠢ ᠰᠢᠯᠵᠢᠭᠦᠯᠦᠨ ᠤᠯᠠᠷᠢᠭᠤᠯᠵᠤ ᠠᠷᠠᠯᠵᠢᠶᠠᠯᠠᠬᠤ ᠶᠢ ᠪᠡᠶᠡᠯᠡᠭᠦᠯᠦᠭᠰᠡᠨ ᠨᠡᠶᠢᠲᠡ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ᠢ ᠳᠠᠪᠠᠪᠠ︔      4 . ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠳᠤ ᠨᠡᠶᠢᠴᠡᠨ᠎ᠡ᠃      ᠬᠤᠶᠠᠷ᠂ ᠮᠡᠳᠡᠭᠦᠯᠬᠦ ᠴᠤᠪᠤᠷᠠᠯ       ︵ᠨᠢᠭᠡ︶᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠰᠢᠭᠤᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠭᠤᠶᠤᠴᠢᠯᠠᠨ ᠮᠡᠳᠡᠭᠦᠯᠦᠨ᠎ᠡ᠃       ︵ᠬᠤᠶᠠᠷ︶᠂ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠵᠤ᠂ ᠬᠢᠷᠢ ᠲᠡᠩᠴᠡᠭᠰᠡᠨ ᠪᠠᠶᠢᠪᠠᠯ 2022 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠢᠴᠢ ᠲᠠᠨᠢᠯᠴᠠᠭᠤᠯᠬᠤ ᠪᠢᠴᠢᠭ ᠮᠠᠲ᠋ᠧᠷᠢᠶᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠤᠯᠠᠷᠢᠭᠤᠯᠬᠤ ᠭᠠᠵᠠᠷ ᠲᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ᠢᠶᠠᠷ ᠬᠠᠷᠢᠯᠴᠠᠬᠤ ᠬᠥᠮᠦᠨ ᠤ ᠰᠢᠤᠳᠠᠨ ᠤ ᠬᠠᠶᠢᠷᠴᠠᠭ ᠲᠤ ᠶᠠᠪᠤᠭᠤᠯᠤᠨ᠎ᠠ᠃        ᠭᠤᠷᠪᠠ᠂ ᠱᠠᠩᠨᠠᠬᠤ ᠠᠷᠭ᠎ᠠ ᠬᠡᠮᠵᠢᠶ᠎ᠡ       ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ᠂ ᠬᠢᠨᠠᠨ ᠲᠣᠭᠲᠠᠭᠠᠬᠤ ᠳᠤ ᠬᠢᠷᠢ ᠲᠡᠩᠴᠡᠭᠰᠡᠨ ᠢ ᠨᠢ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠲᠤᠬᠠᠶ ᠡᠳ᠋ ᠤᠨ ᠵᠠᠰᠠᠭ ᠤᠨ ᠪᠠᠯᠠ ᠮᠥᠩᠭᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠱᠠᠩᠨᠠᠨ ᠬᠥᠬᠢᠭᠦᠯᠦᠨ᠎ᠡ᠃ ᠱᠠᠩᠨᠠᠯ ᠤᠨ ᠮᠥᠩᠭᠦ ᠶᠢ ᠮᠡᠷᠭᠡᠵᠢᠯ ᠤᠨ ᠵᠠᠭᠤᠴᠢᠯᠠᠭᠴᠢ / ᠳᠠᠭᠠᠭᠠᠮᠠᠯ ᠤᠨ ᠪᠠᠶᠢᠭ᠎ᠠ ᠦᠢᠯᠡᠴᠢᠯᠡᠭᠡᠨ ᠤ ᠪᠠᠶᠢᠭᠤᠯᠤᠮᠵᠢ ᠳᠤ ᠰᠠᠯᠭᠠᠨ ᠥᠭᠬᠦ ᠳᠤ᠂ ᠪᠠᠶᠢᠭ᠎ᠠ ᠦᠢᠯᠡᠴᠢᠯᠡᠭᠡᠨ ᠤ ᠪᠠᠶᠢᠭᠤᠯᠤᠮᠵᠢ ᠠᠴᠠ ᠮᠡᠷᠭᠡᠵᠢᠯ ᠤᠨ ᠵᠠᠭᠤᠴᠢᠯᠠᠭᠴᠢ / ᠳᠠᠭᠠᠭᠠᠮᠠᠯ ᠳᠤ ᠣᠯᠭᠤᠨ᠎ᠠ᠃        ᠳᠥᠷᠪᠡ᠂ ᠬᠠᠷᠢᠯᠴᠠᠬᠤ ᠠᠷᠭ᠎ᠠ ᠮᠠᠶ᠋ᠢᠭ        ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠪ  ᠄ ᠲᠢᠶᠠᠨ ᠼᠠᠩ 0471 - 6328559        ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠶᠢᠨ ᠭᠠᠵᠠᠷ : ᠶᠠᠩ ᠶᠦᠩ 0471 - 6328614       ᠢᠮᠧᠯ᠄ 15548350666 @ sohu . com       ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠹᠤᠩ ᠵᠧᠤ ᠡᠮᠦᠨ᠎ᠡ ᠵᠠᠮ ᠤᠨ 78 ᠳ᠋ᠤᠭᠠᠷ ᠨᠣᠮᠧᠷ ᠲᠠᠬᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ 403 ᠲᠠᠰᠤᠭ                                                                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ                                                                                  2022 ᠣᠨ ᠤ 6 ᠳ᠋ᠤᠭᠠᠷ ᠰᠠᠷ᠎ᠠ ᠶᠢᠨ 17 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号