| | 6 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠨ ᠰᠤᠳᠤᠯᠵᠤ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠷᠠᠯ ᠠᠴᠠ 《 ᠦᠨᠡᠨ 》 ᠰᠡᠳᠬᠦᠯ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠣᠬᠢᠶᠠᠯ ᠢ ᠨᠡᠶᠢᠲᠡᠯᠡᠭᠰᠡᠨ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠦᠶ᠎ᠡ 》 ᠭᠡᠬᠦ ᠰᠡᠳᠦᠪ ᠢᠶᠠᠷ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ | ᠭᠠᠵᠠᠷ ᠬᠡᠷ᠂ ᠲᠢᠩᠬᠢᠮ ᠤᠨ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠡᠷᠦᠩᠬᠡᠶ ᠱᠦᠵᠢ ᠰᠢ ᠶᠢᠨ ᠫᠢᠩ | ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠶ ᠰᠤᠳᠤᠯᠤᠨ ᠶᠠᠷᠢᠯᠴᠠᠪᠠ ᠃ | ᠹᠧᠩ ᠵᠢᠶᠠ ᠵᠢᠤᠢ ᠰᠣᠯᠢᠯᠴᠠᠵᠤ ᠰᠤᠳᠤᠯᠤᠨ ᠶᠠᠷᠢᠯᠴᠠᠬᠤ ᠳᠠᠭᠠᠨ᠂ ᠥᠨᠳᠥᠷ ᠲᠦᠪᠰᠢᠨ ᠪᠥᠬᠦᠶ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠳᠤ ᠡᠷᠬᠡᠪᠰᠢ ᠶᠡᠷᠦᠩᠬᠡᠶ ᠱᠦᠵᠢ | ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢᠨ | ᠭᠤᠤᠯ ᠴᠢᠬᠤᠯᠠ ᠠᠭᠤᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ | ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠭᠦᠨᠵᠡᠭᠡᠶ ᠣᠶᠢᠯᠠᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠬᠦ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠮᠥᠨ ᠭᠡᠳᠡᠭ ᠢ ᠭᠦᠨᠵᠡᠭᠡᠶ | ᠣᠶᠢᠯᠠᠭᠠᠬᠤ ᠬᠡᠷᠡᠭᠲᠡᠶ ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠬᠤ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠥᠷᠢᠰᠥᠯᠳᠦᠭᠡᠨ ᠪᠠ ᠢᠷᠡᠭᠡᠳᠦᠢ ᠶᠢᠨ | ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠵᠠᠮ ᠮᠥᠨ | ᠂ ᠡᠷᠬᠡᠪᠰᠢ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠪᠠᠲᠤ ᠡᠵᠡᠮᠳᠡᠵᠦ᠂ ᠪᠢᠳᠡᠨ ᠳᠤ ᠪᠠᠶᠢᠬᠤ ᠪᠠᠲᠤ | ᠪᠠᠬᠢ ᠰᠠᠭᠤᠷᠢ ᠶᠢ ᠭᠦᠨᠵᠡᠭᠡᠢ ᠲᠠᠨᠢᠬᠤ ᠬᠡᠷᠡᠭᠲᠡᠢ ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠬᠤ ᠪᠣᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠮᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠰᠢᠨ᠎ᠡ ᠠᠶᠠᠨ ᠵᠠᠮ ᠳᠡᠭᠡᠷᠡᠬᠢ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠡᠭᠦᠷᠭᠡᠯᠡᠯ ᠮᠥᠨ᠂ | ᠡᠷᠬᠡᠪᠰᠢ ᠨᠠᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ | ᠶᠢ ᠪᠠᠷᠢᠮᠲᠠᠯᠠᠨ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠤᠨ ᠠᠵᠤ ᠠᠬᠤᠢ ᠶᠢᠨ ᠠᠭᠤᠰᠤᠯᠴᠠᠯ ᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠦ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠃ | ᠬᠤᠷᠠᠯ ᠳᠡᠭᠡᠷ᠎ᠡ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠠᠶᠤᠯ ᠥᠬᠡᠶ ᠦᠶᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ | ᠠᠴᠠ ᠠᠪᠤᠷᠬᠠᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ 《 ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ 》 ᠢ | ᠲᠥᠪᠯᠡᠷᠡᠭᠦᠯᠦᠨ ᠰᠤᠷᠤᠯᠴᠠᠪᠠ ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ | ᠰᠠᠶᠢᠲᠤᠷ ᠬᠢᠵᠦ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠲᠦᠷᠢᠮ 》 ᠢ ᠭᠦᠨᠵᠡᠭᠡᠢ ᠲᠤᠭᠤᠰᠢᠯᠠᠭᠤᠯᠵᠤ᠂ 《 ᠵᠢᠱᠢᠶᠡᠴᠢ ᠥᠪᠡᠷᠲᠡᠭᠡᠨ ᠵᠠᠰᠠᠬᠤ | ᠣᠷᠣᠨ 》 ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ | ᠲᠥᠪ ᠤᠨ ᠤᠯᠤᠰ ᠲᠦᠷᠦ ᠶᠢᠨ ᠲᠣᠪᠴᠢᠶᠠᠨ ᠤ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠂ 《 ᠳᠥᠷᠪᠡᠨ | ᠰᠤᠷᠲᠠᠯ 》 ᠢ ᠴᠥᠬᠦᠷᠡᠰᠢ ᠥᠬᠡᠶ ᠵᠠᠯᠠᠷᠠᠭᠤᠯᠤᠨ᠎ᠠ᠂ ᠣᠨᠣᠪᠴᠢᠲᠠᠢ ᠪᠠᠷ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ | ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠪᠠ᠂ ᠨᠠᠮ ᠤᠨ ᠰᠤᠷᠲᠠᠯ ᠴᠢᠬᠡᠴᠢ ᠵᠠᠰᠠᠭ ᠣᠨ ᠬᠥᠮᠦᠵᠢᠯ | ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠵᠡᠯ ᠰᠠᠨᠠᠭᠠᠨ ᠤ ᠤᠬᠠᠮᠰᠠᠷ | ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠬᠤ ᠬᠡᠷᠡᠭᠲᠡᠢ᠂ ᠢᠯᠵᠠᠷᠠᠯ ᠢ ᠡᠰᠡᠷᠭᠦᠴᠡᠬᠦ | ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠨ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ ᠤᠨ ᠰᠡᠳᠦᠪ ᠲᠣᠭᠲᠠᠭᠠᠵᠤ ᠬᠢᠨᠠᠨ ᠵᠥᠪᠰᠢᠶᠡᠷᠡᠬᠦ ᠶᠢ ᠴᠢᠩᠭᠠᠳᠬᠠᠨ᠎ᠠ᠂ ᠰᠡᠳᠦᠪ ᠢᠶᠠᠨ ᠲᠡᠭᠦᠰᠬᠡᠵᠦ ᠰᠢᠯᠭᠠᠨ | ᠠᠪᠬᠤ᠂ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ᠂ ᠲᠠᠪᠴᠠᠩ ᠤᠨ ᠠᠴᠢᠶᠠᠯᠠᠭᠴᠢ ᠶᠢ ᠮᠠᠭᠠᠳᠯᠠᠨ ᠲᠣᠭᠲᠠᠭᠠᠬᠤ | ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ᠂ ᠨᠢᠭᠡ ᠴᠣᠭᠴᠠᠵᠢᠭᠤᠯᠤᠨ ᠠᠬᠢᠭᠤᠯᠵᠤ ᠢᠯᠵᠠᠷᠠᠬᠤ ᠠᠴᠠ | ᠵᠢᠷᠦᠬᠡᠰᠢᠶᠡᠨᠡ᠂ ᠢᠯᠵᠠᠷᠠᠵᠤ ᠪᠣᠯᠬᠤ ᠦᠭᠡᠢ᠂ ᠢᠯᠵᠠᠷᠠᠬᠤ ᠳᠤᠷ᠎ᠠ ᠦᠭᠡᠢ᠂ ᠰᠤᠷᠲᠠᠯ ᠴᠢᠬᠡᠴᠢ ᠣᠪᠣᠷ ᠲᠥᠪ᠂ ᠠᠵᠢᠯ | ᠬᠢᠵᠦ ᠦᠶᠯᠡᠰ ᠪᠣᠰᠬᠠᠬᠤ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠃ |