ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2022/6/27
      6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ 《 ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ 〈 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 〉 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠬᠤ 》 ᠪᠠᠷ ᠭᠤᠤᠯ ᠰᠡᠳᠦᠪ ᠪᠣᠯᠭᠠᠵᠤ᠂ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ 300 ᠰᠢᠬᠠᠮ ᠤᠳᠤᠷᠢᠳᠬᠤ ᠺᠠᠳ᠋ᠷ ᠲᠤ ᠲᠤᠰᠬᠠᠶ ᠰᠡᠳᠦᠪᠲᠦ ᠲᠠᠶᠢᠯᠤᠮᠵᠢ ᠬᠢᠪᠠ  ᠃         ᠰᠦᠨ ᠵᠢᠶᠦ᠋ᠨ ᠴᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠡᠷᠬᠢᠨ ᠦᠵᠡᠬᠦ᠂ ᠶᠠᠭᠠᠬᠢᠵᠤ ᠬᠢᠬᠦ᠂ ᠶᠠᠭᠠᠬᠢᠵᠤ ᠬᠢᠬᠦ ᠭᠤᠷᠪᠠᠨ ᠲᠠᠯ᠎ᠠ ᠪᠠᠷ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠤᠳᠤᠷᠢᠳᠤᠮᠵᠢ᠂ ᠣᠨᠣᠯ ᠤᠨ ᠲᠠᠨᠢᠯᠲᠠ᠂ ᠠᠵᠢᠯᠯᠠᠭᠠᠨ ᠤ ᠦᠶᠯᠡᠳᠦᠯᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠨᠡᠶᠢᠲᠡᠯᠡᠭᠰᠡᠨ ᠠᠯᠢ ᠣᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠵᠦ᠂ ᠣᠳᠣᠬᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ ᠶᠢ ᠵᠠᠳᠠᠯᠵᠤ᠂ ᠥᠪᠡᠷᠲᠡᠭᠡᠨ ᠵᠠᠰᠠᠬᠤ ᠣᠷᠣᠨ ᠤ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠬᠡᠷᠡᠭᠵᠢᠭᠦᠯᠬᠦ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠬᠦᠴᠦᠯᠡᠨ ᠴᠢᠩᠭᠠᠳᠬᠠᠬᠤ ᠬᠡᠷᠡᠭᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠭᠤᠭᠴᠤᠭ᠎ᠠ ᠶᠢ ᠲᠣᠳᠣᠷᠬᠠᠶᠢᠯᠠᠨ ᠥᠭᠦᠯᠡᠪᠡ  ᠃       ᠰᠦᠨ ᠵᠢᠶᠦ᠋ᠨ ᠴᠢᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠲᠥᠯᠥᠪᠵᠢᠭᠦᠯᠭᠡ ᠪᠠᠶᠢᠷᠢᠰᠢᠭᠤᠯᠤᠯᠲᠠ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠷᠠᠯᠲᠠ᠂ ᠪᠠᠶᠢᠷᠢ᠂ ᠪᠠᠶᠢᠯᠳᠤᠬᠤ ᠪᠤᠳᠤᠯᠭ᠎ᠠ᠂ ᠠᠷᠭ᠎ᠠ ᠵᠠᠮ ᠤᠨ ᠲᠠᠯ᠎ᠠ ᠠᠴᠠ ᠲᠠᠨᠢᠨ ᠡᠵᠡᠮᠳᠡᠵᠦ᠂ 《 ᠨᠢᠭᠡ ᠭᠤᠣᠯᠳᠠᠯᠭ᠎ᠠ 》᠂ 《 ᠨᠢᠭᠡ ᠲᠤᠯᠭᠠᠭᠤᠷᠢᠯᠠᠯ 》᠂ 《 ᠭᠤᠷᠪᠠᠨ ᠶᠡᠭᠡ ᠪᠠᠶᠢᠯᠳᠤᠬᠤ ᠪᠤᠳᠤᠯᠭ᠎ᠠ 》᠂ 《 ᠲᠦᠷᠪᠡᠨ ᠬᠠᠨᠳᠤᠰᠢ 》᠂ 《 ᠲᠠᠪᠤᠨ ᠶᠡᠭᠡ ᠡᠭᠦᠷᠭᠡ 》 ᠶᠢᠨ ᠲᠣᠭᠤᠷᠢᠨ ᠳᠤ᠂ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠵᠦ ᠲᠥᠯᠥᠪᠯᠡᠭᠡ ᠶᠢ ᠭᠦᠨᠵᠡᠭᠡᠢ ᠣᠶᠢᠯᠠᠭᠠᠵᠤ᠂ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ  ᠃      ᠰᠦᠨ ᠵᠢᠶᠦ᠋ᠨ ᠴᠢᠩ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠮᠢ ᠠᠬᠤᠶ ᠶᠢ ᠲᠡᠷᠢᠭᠦᠨ  ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠨ᠎ᠠ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠤᠨ᠎ᠠ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ 30 ᠵᠤᠷᠪᠤᠰ 》 ᠢ ᠨᠡᠶᠢᠲᠡᠯᠡᠪᠡ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠂ ᠬᠦᠴᠦ ᠪᠠᠨ ᠲᠥᠪᠯᠡᠷᠡᠭᠦᠯᠦᠨ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ᠎ᠠ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ᠂ ᠤᠯᠤᠰ ᠠᠴᠠ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠷᠢᠳ ᠬᠤᠵᠢᠳ ᠵᠥᠪᠰᠢᠶᠡᠷᠡᠭᠳᠡᠪᠡ᠂ 《 ᠥᠪᠥᠷ ᠮᠣᠩᠭᠤᠯ ᠤᠨ 〈 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 〉 ᠠᠵᠢᠯᠯᠠᠭ᠎ᠠ ᠶᠢ ᠬᠡᠷᠡᠭᠵᠢᠭᠦᠯᠵᠦ ᠣᠷᠣᠨ ᠪᠦᠰᠡ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠭᠰᠡᠨ 》 ᠢ ᠲᠥᠷᠥ ᠶᠢᠨ ᠶᠠᠪᠤᠳᠠᠯ ᠤᠨ ᠬᠤᠷᠢᠶᠠᠨ ᠤ ᠨᠠᠶᠮᠠᠳᠤᠭᠠᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠨᠡᠶᠢᠲᠡᠯᠢᠭ ᠲᠤᠷᠰᠢᠯᠭ᠎ᠠ ᠳᠤ ᠵᠢᠭᠰᠠᠭᠠᠵᠤ ᠵᠠᠷᠯᠠᠨ ᠰᠠᠶᠢᠰᠢᠶᠠᠪᠠ  ᠃      ᠰᠦᠨ ᠵᠢᠶᠦ᠋ᠨ ᠴᠢᠩ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ ᠠᠵᠠ ᠲᠣᠬᠢᠶᠠᠯ ᠢ ᠭᠤᠤᠯᠳᠠᠯᠭ᠎ᠠ  ᠲᠠᠢ ᠵᠠᠳᠠᠯᠵᠤ᠂ 《 ᠨᠢᠭᠡᠳᠦᠭᠡᠷ ᠭᠠᠷ ᠨᠢᠭᠡᠳᠦᠭᠡᠷ ᠦᠶᠯᠡᠳᠪᠦᠷᠢᠯᠡᠯ ᠤᠨ ᠬᠦᠴᠦᠨ ᠢ ᠠᠳᠬᠤᠬᠤ 》 ᠣᠶᠢᠯᠠᠭᠠᠭᠳᠠᠬᠤᠨ ᠢ ᠪᠣᠶ ᠪᠣᠯᠭᠠᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ  ᠃ ᠬᠡᠷᠬᠢᠨ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠭᠡᠬᠦ ᠬᠤᠶᠠᠷ ᠵᠦᠶᠯ ᠤᠨ ᠠᠰᠠᠭᠤᠳᠠᠯ ᠢ ᠰᠢᠶᠳᠪᠦᠷᠢᠯᠡᠬᠦ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠦᠲᠦᠮᠵᠢᠲᠡᠶ ᠲᠤᠯᠭᠠᠭᠤᠷᠢᠯᠠᠬᠤ᠂ ᠰᠢᠨ᠎ᠡ ᠶᠢ ᠡᠭᠦᠳᠬᠦ ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠬᠦ ᠵᠡᠷᠭᠡ ᠳᠤ ᠭᠦᠨᠵᠡᠭᠡᠶ ᠲᠠᠶᠢᠯᠤᠮᠵᠢ ᠬᠢᠪᠠ  ᠃ ᠪᠣᠯᠪᠠᠰᠤᠷᠠᠯ ᠤᠨ ᠰᠤᠷᠤᠯᠭᠠᠲᠠᠨ ᠰᠦᠨ ᠵᠢᠶᠦ᠋ᠨ ᠴᠢᠩ ᠲᠢᠩᠬᠢᠮ ᠤᠨ ᠳᠠᠷᠤᠭ᠎ᠠ ᠲᠠᠢ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号