ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠨᠢ ᠤᠯᠠᠨ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠭᠠᠨ ᠠᠪᠬᠤ ᠶᠢ ᠥᠩᠭᠡᠷᠡᠭᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2022/6/27
      ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠦᠷ ᠪᠠᠯᠭᠠᠰᠤ ( ᠰᠠᠶᠢᠨ ᠤᠰᠤ ᠪᠠᠯᠭᠠᠰᠤ ) ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠮᠠᠭᠤᠳᠠᠭᠰᠠᠨ ᠪᠡᠯᠴᠢᠭᠡᠷ ᠢᠶᠠᠨ ᠢᠯᠡ ᠭᠠᠷᠭᠠᠭᠰᠠᠨ ᠠᠴᠠ ᠪᠣᠯᠵᠣ ᠰᠠᠯᠬᠢᠨ ᠳᠤ ᠬᠦᠨᠳᠦ ᠨᠣᠴᠢᠲᠠᠶ ᠢᠳᠡᠭᠳᠡᠭᠰᠡᠨ ᠪᠠᠶᠢᠨ᠎ᠠ᠂ ᠬᠥᠷᠥᠰᠥ ᠰᠢᠷᠣᠶ ᠲᠠᠴᠢᠷ ᠨᠢᠮᠭᠡᠨ ᠪᠠ ᠤᠷᠭᠤᠮᠠᠯ ᠤᠨ ᠰᠡᠷᠭᠦᠯᠲᠡ ᠨᠡᠯᠢᠶᠡᠳ ᠤᠳᠠᠭᠠᠨ ᠪᠠᠶᠢᠬᠤ ᠵᠡᠷᠭᠡ ᠠᠰᠠᠭᠤᠳᠠᠯ᠂ ᠨᠢᠭᠡ ᠵᠦᠶᠯ ᠤᠨ ᠮᠢᠺᠷᠣᠪ ᠤᠨ ᠣᠷᠭᠠᠨᠢᠭ ᠬᠤᠯᠢᠮᠠᠭ ᠪᠣᠳᠠᠰ ᠨᠢ ᠨᠡᠶᠢᠯᠡᠮᠡᠯ ᠠᠷᠠᠰᠤ ᠶᠢ ᠥᠳᠥᠭᠡᠨ ᠪᠣᠶ ᠪᠣᠯᠭᠠᠭᠰᠠᠨ ᠤᠷᠭᠤᠮᠠᠯ ᠤᠨ ᠬᠤᠴᠢᠯᠭ᠎ᠠ ᠶᠢ ᠲᠦᠷᠭᠡᠨ ᠰᠡᠷᠭᠦᠭᠡᠬᠦ ᠮᠡᠷᠭᠡᠵᠢᠯ ᠢ ᠰᠤᠳᠤᠯᠤᠨ ᠨᠡᠭᠡᠭᠡᠪᠡ᠂ ᠲᠣᠰ ᠮᠡᠷᠭᠡᠵᠢᠯ ᠠᠽᠣᠲ ᠲᠣᠭᠲᠠᠭᠠᠬᠤ ᠪᠠᠺᠲ᠋ᠧᠷᠢ ᠶᠢ ᠠᠰᠢᠭᠯᠠᠪᠠ᠂ ᠰᠢᠷᠬᠡᠭᠯᠢᠭ ᠡᠳ᠋ ᠮᠢᠺᠷᠣᠪ ᠪᠣᠯᠤᠨ ᠡᠰᠢ ᠰᠦᠷᠡᠯ ᠢ ᠵᠠᠳᠠᠷᠠᠭᠤᠯᠤᠨ ᠢᠰᠬᠡᠵᠦ ᠣᠷᠭᠠᠨᠢᠭ ᠬᠤᠯᠢᠮᠠᠭ ᠪᠣᠳᠠᠰ ᠪᠣᠯᠭᠠᠨ᠎ᠠ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠣᠷᠣᠨ ᠳᠤ ᠲᠣᠰ ᠬᠤᠯᠢᠮᠠᠭ ᠪᠣᠳᠠᠰ ᠢ ᠰᠦᠷᠴᠢᠵᠦ ᠬᠥᠷᠥᠰᠥᠨ ᠤ ᠬᠥᠷᠥᠰᠥ ᠶᠢ ᠪᠣᠢ ᠪᠣᠯᠭᠠᠨ᠎ᠠ᠂ ᠮᠠᠭᠤᠵᠢᠷᠠᠭᠰᠠᠨ ᠪᠡᠯᠴᠢᠭᠡᠷ ᠢ ᠢᠯᠡ ᠭᠠᠷᠭᠠᠵᠤ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠤᠨ ᠲᠥᠷᠥᠯ ᠢᠶᠠᠷ ᠰᠠᠭᠤᠷᠢᠰᠢᠭᠤᠯᠵᠤ ᠪᠣᠯᠤᠨ᠎ᠠ᠂ ᠡᠭᠦᠨ ᠤ ᠤᠯᠠᠮ ᠢᠶᠠᠷ ᠮᠠᠭᠤᠳᠠᠭᠰᠠᠨ ᠠᠮᠢ ᠠᠬᠤᠶ ᠶᠢᠨ ᠰᠢᠰᠲ᠋ᠧᠮ ᠢ ᠲᠦᠷᠭᠡᠨ ᠰᠡᠷᠭᠦᠭᠡᠬᠦ ᠶᠢ ᠪᠡᠶᠡᠯᠡᠭᠦᠯᠦᠨ᠎ᠡ  ᠃
      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠷᠠᠭᠤᠨ ᠬᠤᠶᠢᠲᠤ ᠶᠢᠨ ᠠᠮᠢ ᠠᠬᠤᠶ ᠣᠷᠴᠢᠨ ᠲᠣᠭᠤᠷᠢᠨ ᠤ ᠡᠬᠢ ᠪᠠᠶᠠᠯᠢᠭ ᠤᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ᠂ ᠤᠷᠠᠳ ᠤᠨ ᠴᠦᠯᠯᠡᠷᠬᠡᠭ ᠨᠤᠲᠤᠭ ᠪᠡᠯᠴᠢᠭᠡᠷ ᠤᠨ ᠰᠤᠳᠤᠯᠭᠠᠨ ᠤ ᠥᠷᠲᠡᠭᠡ ᠶᠢᠨ ᠳᠠᠷᠤᠭ᠎ᠠ ᠽᠦᠸᠧ ᠰᠢᠶᠤᠤ ᠠᠨ ᠲᠠᠨᠢᠯᠴᠠᠭᠤᠯᠬᠤ ᠳᠠᠭᠠᠨ᠄ 《 ᠪᠢᠳᠡ ᠨᠢᠭᠡᠨᠲᠡ ᠲᠤᠷᠰᠢᠯᠲᠠ ᠬᠢᠭᠡᠳ ᠵᠢᠱᠢᠶ᠎ᠡ ᠦᠵᠡᠭᠦᠯᠬᠦ ᠣᠷᠣᠨ ᠢ 100 ᠮᠥ ᠪᠠᠶᠢᠭᠤᠯᠵᠤ᠂ ᠰᠢᠨ᠎ᠡ ᠮᠡᠷᠭᠡᠵᠢᠯ ᠤᠨ ᠬᠡᠷᠡᠭᠯᠡᠯᠲᠡ ᠨᠢ ᠵᠢᠱᠢᠶ᠎ᠡ ᠦᠵᠡᠭᠦᠯᠬᠦ ᠣᠷᠣᠨ ᠤ ᠤᠷᠭᠤᠮᠠᠯ ᠤᠨ ᠨᠢᠭᠲᠠᠴᠠ᠂ ᠥᠨᠳᠥᠷ ᠤᠨ ᠬᠡᠮᠵᠢᠶ᠎ᠡ᠂ ᠡᠯᠪᠡᠭ ᠤᠨ ᠬᠡᠮᠵᠢᠶ᠎ᠡ ᠵᠢᠴᠢ ᠣᠯᠠᠨ ᠶᠠᠩᠵᠤᠲᠤ ᠴᠢᠨᠠᠷ ᠵᠡᠷᠭᠡ ᠭᠦᠶᠴᠡᠳᠬᠡᠯ ᠲᠤᠭ᠎ᠠ ᠶᠢ ᠢᠯᠡᠳᠲᠡ ᠳᠡᠭᠡᠭᠰᠢᠯᠡᠭᠦᠯᠵᠦ᠂ ᠲᠠᠴᠢᠷᠳᠠᠭᠰᠠᠨ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 30 % ᠪᠠᠷ ᠳᠡᠭᠡᠭᠰᠢᠯᠡᠭᠦᠯᠵᠦ᠂ 50 % ᠳᠤ ᠬᠦᠷᠭᠡᠵᠦ᠂ ᠲᠠᠴᠢᠷᠳᠠᠭᠰᠠᠨ ᠪᠡᠯᠴᠢᠭᠡᠷ ᠤᠨ ᠤᠷᠭᠤᠮᠠᠯ ᠤᠨ ᠬᠤᠴᠢᠯᠭ᠎ᠠ  ᠶᠢᠨ ᠰᠡᠷᠭᠦᠯᠲᠡ ᠶᠢ ᠲᠤᠶᠢᠯ ᠤᠨ ᠶᠡᠭᠡ ᠪᠠᠷ ᠠᠬᠢᠭᠤᠯᠪᠠ  ᠃ ᠣᠳᠣᠬᠠᠨ ᠳᠤ ᠨᠢᠭᠡᠨᠲᠡ ᠴᠦᠯᠯᠡᠷᠭᠡᠭ ᠣᠷᠣᠨ ᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠳᠤᠮᠳᠠ ᠮᠡᠷᠭᠡᠵᠢᠯ ᠢ ᠳᠡᠯᠭᠡᠷᠡᠭᠦᠯᠦᠨ ᠬᠡᠷᠡᠭᠯᠡᠪᠡ  ᠃ 》        ᠡᠨᠡ ᠬᠦ ᠰᠢᠨ᠎ᠡ ᠮᠡᠷᠭᠡᠵᠢᠯ ᠨᠢ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠪᠣᠯᠬᠤ 《 ᠴᠦᠯᠯᠡᠷᠭᠡᠭᠵᠢᠭᠰᠡᠨ ᠮᠠᠭᠤᠳᠠᠭᠰᠠᠨ ᠪᠡᠯᠴᠢᠭᠡᠷ ᠢ ᠵᠠᠰᠠᠬᠤ ᠮᠡᠷᠭᠡᠵᠢᠯ ᠵᠢᠴᠢ ᠵᠢᠱᠢᠶ᠎ᠡ ᠦᠵᠡᠭᠦᠯᠬᠦ 》 ᠲᠥᠷᠥᠯ ᠵᠦᠶᠯ ᠠᠴᠠ ᠢᠷᠡᠯᠲᠡ ᠲᠠᠢ ᠶᠤᠮ᠂ ᠡᠨᠡ ᠨᠢ ᠮᠥᠨ ᠴᠦ ᠲᠣᠰ ᠲᠥᠷᠥᠯ ᠵᠦᠶᠯ ᠢ ᠬᠡᠷᠡᠭᠵᠢᠭᠦᠯᠦᠭᠰᠡᠨ ᠠᠴᠠ ᠨᠠᠰᠢ ᠣᠯᠤᠭᠰᠠᠨ ᠠᠯᠢ ᠣᠯᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠨᠢᠭᠡ ᠪᠣᠯᠤᠨ᠎ᠠ  ᠃
     《 ᠴᠥᠯᠡᠷᠬᠡᠭᠵᠢᠭᠰᠡᠨ ᠮᠠᠭᠤᠵᠢᠷᠠᠭᠰᠠᠨ ᠪᠡᠯᠴᠢᠭᠡᠷ ᠢ ᠵᠠᠰᠠᠬᠤ ᠮᠡᠷᠭᠡᠵᠢᠯ ᠵᠢᠴᠢ ᠵᠢᠱᠢᠶ᠎ᠡ ᠦᠵᠡᠭᠦᠯᠬᠦ 》 ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ 《 135 》 ᠶᠢᠨ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠤᠰᠬᠠᠶ ᠵᠦᠶᠯ ᠤᠨ 《 ᠨᠡᠶᠢᠲᠡᠯᠢᠭ ᠬᠡᠪᠡᠷᠡᠭ ᠠᠮᠢ ᠠᠬᠤᠶ ᠶᠢ ᠰᠡᠷᠭᠦᠭᠡᠬᠦ ᠬᠢᠭᠡᠳ ᠬᠠᠮᠠᠭᠠᠯᠠᠬᠤ ᠰᠤᠳᠤᠯᠤᠯ 》 ᠤᠨ ᠲᠥᠷᠥᠯ ᠵᠦᠶᠯ ᠤᠨ ᠨᠢᠭᠡ ᠪᠣᠯᠤᠨ᠎ᠠ᠂ ᠲᠥᠷᠥᠯ ᠵᠦᠶᠯ ᠨᠢ ᠮᠠᠨ ᠤ ᠤᠯᠤᠰ ᠤᠨ ᠤᠮᠠᠷᠠᠲᠤ ᠶᠢᠨ ᠪᠡᠯᠴᠢᠭᠡᠷ ᠤᠨ ᠮᠠᠭᠤᠵᠢᠷᠠᠭᠰᠠᠨ ᠨᠢ ᠬᠦᠨᠳᠦ ᠨᠣᠴᠢᠲᠠᠶ᠂ ᠠᠮᠢ ᠠᠬᠤᠶ ᠶᠢᠨ ᠠᠮᠤᠷ ᠲᠦᠪᠰᠢᠨ ᠬᠢᠭᠡᠳ ᠪᠡᠯᠴᠢᠭᠡᠷ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠴᠢᠳᠠᠮᠵᠢ ᠨᠢ ᠪᠠᠭᠤᠷᠠᠭᠰᠠᠨ᠂ ᠠᠮᠢ ᠠᠬᠤᠶ  ᠶᠢᠨ ᠮᠠᠯ ᠠᠵᠤ ᠠᠬᠤᠶ ᠬᠢᠭᠡᠳ ᠠᠮᠢ ᠠᠬᠤᠶ ᠶᠢᠨ ᠠᠵᠤ ᠦᠶᠯᠡᠰ ᠬᠠᠷᠠᠬᠠᠨ ᠬᠥᠭᠵᠢᠭᠡᠳᠦᠶ ᠵᠡᠷᠭᠡ ᠠᠰᠠᠭᠤᠳᠠᠯ ᠳᠤ ᠴᠢᠭᠯᠡᠭᠦᠯᠦᠨ᠂ ᠴᠥᠯᠡᠷᠬᠡᠭᠵᠢᠭᠰᠡᠨ ᠮᠠᠭᠤᠵᠢᠷᠠᠭᠰᠠᠨ ᠪᠡᠯᠴᠢᠭᠡᠷ ᠢ ᠶᠡᠷᠦᠩᠬᠡᠶᠢᠯᠡᠨ ᠵᠠᠰᠠᠬᠤ ᠮᠡᠷᠭᠡᠵᠢᠯ ᠬᠢᠭᠡᠳ ᠲᠥᠷᠥ  ᠶᠢᠨ ᠪᠣᠳᠣᠯᠭ᠎ᠠ ᠶᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠵᠦ᠂ ᠮᠠᠭᠤᠵᠢᠷᠠᠭᠰᠠᠨ ᠪᠡᠯᠴᠢᠭᠡᠷ ᠢ ᠰᠡᠷᠭᠦᠭᠡᠬᠦ ᠬᠢᠭᠡᠳ ᠦᠷᠭᠦᠯᠵᠢᠯᠡᠨ ᠠᠰᠢᠭᠯᠠᠬᠤ ᠪᠠᠷ ᠳᠠᠮᠵᠢᠭᠤᠯᠤᠨ᠂ ᠣᠷᠴᠢᠨ ᠲᠣᠭᠤᠷᠢᠨ ᠢ ᠰᠠᠶᠢᠵᠢᠷᠠᠭᠤᠯᠬᠤ ᠬᠢᠭᠡᠳ ᠠᠷᠠᠳ  ᠢ ᠪᠠᠶᠠᠵᠢᠭᠤᠯᠬᠤ ᠶᠢᠨ ᠬᠤᠤᠰ ᠠᠮᠵᠢᠯᠲᠠ ᠤᠯᠬᠤ ᠪᠤᠶᠤ ᠣᠯᠠᠨ  ᠃ ᠲᠦᠷᠦᠭᠦᠬᠡᠨ᠂ ᠲᠣᠰ ᠲᠥᠷᠥᠯ ᠵᠦᠶᠯ ᠨᠢ ᠳᠤᠮᠳᠠᠳᠤ ᠤᠯᠤᠰ ᠤᠨ 21 ᠳ᠋ᠦ᠋ᠭᠡᠷ ᠵᠠᠭᠤᠨ ᠤ ᠵᠥᠪᠯᠡᠬᠦ ᠵᠦᠶᠯ ᠤᠨ ᠬᠠᠮᠢᠶᠠᠷᠤᠯᠲᠠ ᠶᠢᠨ ᠲᠥᠪ ᠤᠨ ᠵᠣᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠰᠢᠯᠭᠠᠨ ᠬᠤᠷᠢᠶᠠᠯᠲᠠ ᠳᠤ ᠤᠷᠤᠭᠰᠢᠲᠠᠶ ᠪᠠᠲᠤᠯᠠᠭᠳᠠᠪᠠ  ᠃       ᠲᠣᠰ ᠲᠥᠷᠥᠯ ᠵᠦᠶᠯ ᠢ ᠥᠪᠥᠷ ᠮᠣᠩᠭᠤᠯ ᠤᠨ ᠶᠡᠭᠡ ᠰᠤᠷᠭᠠᠭᠤᠯᠢ ᠲᠦᠷᠦᠭᠦᠯᠡᠨ᠂ ᠳᠤᠮᠳᠠᠳᠤ ᠤᠯᠤᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠮᠧᠩ ᠼᠤᠤ ᠪᠦᠯᠦᠭᠯᠡᠯ ᠵᠡᠷᠭᠡ 20 ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠣᠷᠣᠨ ᠨᠤᠲᠤᠭ ᠤᠨ ᠨᠤᠲᠤᠭ ᠪᠡᠯᠴᠢᠭᠡᠷ ᠤᠨ ᠥᠷᠲᠡᠭᠡ ᠲᠠᠢ ᠬᠠᠮᠲᠤᠷᠠᠨ ᠬᠡᠷᠡᠭᠵᠢᠭᠦᠯᠦᠨ᠎ᠡ  ᠃ ᠲᠥᠷᠥᠯ ᠵᠦᠶᠯ ᠨᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠠᠭᠤᠷᠠᠶ ᠨᠤᠲᠤᠭ ᠪᠡᠯᠴᠢᠭᠡᠷ᠂ ᠴᠥᠯᠡᠷᠬᠡᠭ ᠨᠤᠲᠤᠭ ᠪᠡᠯᠴᠢᠭᠡᠷ ᠵᠢᠴᠢ ᠴᠥᠯᠡᠷᠬᠡᠭ ᠣᠷᠣᠨ ᠤ ᠪᠠᠶᠢᠭᠠᠯᠢ ᠶᠢᠨ ᠪᠡᠯᠴᠢᠭᠡᠷ ᠢᠶᠠᠷ ᠭᠤᠤᠯ ᠰᠤᠳᠤᠯᠭᠠᠨ ᠤ ᠣᠷᠣᠨ ᠪᠣᠯᠭᠠᠵᠤ᠂ ᠴᠥᠯᠡᠷᠬᠡᠭ ᠪᠡᠯᠴᠢᠭᠡᠷ ᠤᠨ ᠮᠠᠭᠤᠵᠢᠷᠠᠭᠰᠠᠨ ᠲᠣᠭᠲᠠᠴᠠ ᠬᠢᠭᠡᠳ ᠠᠮᠢ ᠠᠬᠤᠶ ᠶᠢᠨ ᠰᠢᠰᠲ᠋ᠧᠮ ᠤᠨ ᠦᠶᠯᠡᠴᠢᠯᠡᠭᠡᠨ ᠤ ᠦᠨᠡᠯᠡᠨ ᠵᠢᠱᠢᠯᠲᠡ ᠪᠠᠷ ᠰᠠᠭᠤᠷᠢ ᠪᠣᠯᠭᠠᠨ᠂ ᠮᠠᠭᠤᠵᠢᠷᠠᠭᠰᠠᠨ ᠪᠡᠯᠴᠢᠭᠡᠷ ᠢ ᠰᠡᠷᠭᠦᠭᠡᠬᠦ᠂ ᠠᠮᠢ ᠠᠬᠤᠶ ᠶᠢᠨ ᠮᠠᠯ ᠠᠵᠤ ᠠᠬᠤᠶ᠂ ᠡᠪᠡᠰᠦᠨ ᠤ ᠦᠶᠯᠡᠰ ᠤᠨ ᠬᠥᠭᠵᠢᠯᠲᠡ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠮᠢ ᠠᠬᠤᠶ ᠶᠢᠨ ᠠᠵᠤ ᠦᠶᠯᠡᠰ ᠤᠨ ᠮᠡᠷᠭᠡᠵᠢᠯ ᠢ ᠲᠥᠪᠯᠡᠷᠡᠭᠦᠯᠬᠦ ᠬᠢᠭᠡᠳ ᠵᠢᠱᠢᠶ᠎ᠡ ᠦᠵᠡᠭᠦᠯᠬᠦ ᠪᠠᠷ ᠭᠤᠤᠯ ᠰᠢᠨ᠎ᠡ ᠶᠢ ᠡᠭᠦᠳᠴᠦ᠂ ᠮᠡᠷᠭᠡᠵᠢᠯ ᠤᠨ ᠵᠢᠱᠢᠶ᠎ᠡ ᠦᠵᠡᠭᠦᠯᠬᠦ ᠬᠢᠭᠡᠳ ᠮᠡᠷᠭᠡᠵᠢᠯ ᠢ ᠳᠡᠯᠭᠡᠷᠡᠭᠦᠯᠬᠦ ᠪᠠᠷ ᠭᠤᠤᠯ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠪᠣᠯᠭᠠᠨ ᠲᠥᠷᠥᠯ ᠵᠦᠶᠯ ᠤᠨ ᠰᠤᠳᠤᠯᠤᠯ ᠬᠢᠬᠦ ᠪᠣᠯᠤᠨ᠎ᠠ  ᠃       ᠲᠥᠷᠥᠯ ᠵᠦᠶᠯ ᠤᠨ ᠬᠠᠷᠢᠭᠤᠴᠠᠯᠭᠠᠲᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠢᠶᠠᠩ ᠼᠦᠨ ᠵᠦ ᠲᠠᠨᠢᠯᠴᠠᠭᠤᠯᠬᠤ ᠳᠠᠭᠠᠨ᠄ 《 ᠲᠥᠷᠥᠯ ᠵᠦᠶᠯ ᠢ ᠳᠥᠷᠪᠡᠨ ᠵᠢᠯ ᠭᠠᠷᠤᠶ ᠶᠢᠨ ᠬᠤᠭᠤᠴᠠᠭᠠᠨ  ᠳᠤ ᠬᠡᠷᠡᠭᠵᠢᠭᠦᠯᠬᠦ ᠪᠠᠷ ᠳᠡᠮᠵᠢᠨ᠂ ᠴᠦᠯᠯᠡᠷᠭᠡᠭᠵᠢᠭᠰᠡᠨ ᠪᠡᠯᠴᠢᠭᠡᠷ ᠤᠨ ᠲᠦᠷᠭᠡᠨ ᠵᠠᠰᠠᠯᠲᠠ᠂ ᠰᠡᠷᠭᠦᠭᠡᠬᠦ ᠪᠠ ᠲᠣᠭᠲᠠᠭᠤᠨ ᠪᠠᠶᠢᠯᠭᠠᠬᠤ ᠮᠡᠷᠭᠡᠵᠢᠯ ᠢ ᠰᠤᠳᠤᠯᠤᠨ ᠨᠡᠭᠡᠭᠡᠵᠦ᠂ ᠤᠯᠠᠯᠵᠢ ᠵᠢᠮᠢᠰ ᠤᠨ ᠬᠤᠤᠷ ᠬᠥᠨᠥᠭᠡᠯ ᠢ ᠠᠷᠢᠯᠭᠠᠬᠤ ᠠᠮᠢᠳᠤ ᠪᠣᠳᠠᠰ ᠤᠨ ᠰᠡᠷᠭᠡᠶᠢᠯᠡᠨ ᠡᠵᠡᠮᠳᠡᠬᠦ ᠮᠡᠷᠭᠡᠵᠢᠯ᠂ ᠪᠡᠯᠴᠢᠭᠡᠷ ᠤᠨ ᠡᠬᠢ ᠪᠠᠶᠠᠯᠢᠭ ᠬᠢᠭᠡᠳ ᠮᠠᠯ ᠰᠦᠷᠦᠭ ᠤᠨ ᠪᠦᠲᠦᠴᠡ ᠶᠢᠨ ᠴᠠᠭ ᠬᠤᠭᠤᠴᠠᠭ᠎ᠠ ᠣᠷᠣᠨ ᠵᠠᠶ ᠶᠢ ᠰᠢᠯᠢᠳᠡᠭᠵᠢᠭᠦᠯᠦᠨ ᠳᠣᠭᠢᠷᠠᠭᠤᠯᠬᠤ ᠵᠢᠴᠢ ᠲᠤᠶᠢᠯ ᠤᠨ ᠣᠨᠣᠪᠴᠢᠲᠠᠶ ᠬᠠᠮᠢᠶᠠᠷᠤᠯᠲᠠ ᠶᠢᠨ ᠮᠡᠷᠭᠡᠵᠢᠯ᠂ ᠨᠤᠲᠤᠭ ᠪᠡᠯᠴᠢᠭᠡᠷ ᠤᠨ ᠮᠠᠯᠵᠢᠬᠤ ᠡᠷᠦᠬᠡ ᠶᠢᠨ ᠮᠠᠯ ᠤᠨ ᠳᠠᠭᠠᠭᠠᠴᠠ  ᠶᠢᠨ ᠨᠠᠷᠢᠯᠢᠭ ᠣᠨᠣᠪᠴᠢᠲᠠᠶ ᠬᠠᠮᠢᠶᠠᠷᠤᠯᠲᠠ ᠶᠢᠨ ᠰᠢᠰᠲ᠋ᠧᠮ᠂ ᠥᠨᠳᠥᠷ ᠬᠡᠷᠡᠯ ᠵᠢᠭᠰᠠᠯ ᠤᠨ ᠠᠯᠤᠰ ᠰᠡᠷᠡᠯ ᠤᠨ ᠮᠡᠷᠭᠡᠵᠢᠯ ᠳᠤ ᠰᠠᠭᠤᠷᠢᠯᠠᠭᠰᠠᠨ ᠪᠡᠯᠴᠢᠭᠡᠷ ᠤᠨ ᠮᠠᠭᠤᠳᠠᠯ ᠢ ᠬᠢᠨᠠᠨ ᠬᠡᠮᠵᠢᠬᠦ ᠰᠢᠨ᠎ᠡ ᠠᠷᠭ᠎ᠠ᠂ ᠨᠡᠭᠦᠷᠡᠰᠦᠲᠥ᠋ᠷᠥᠭᠴᠢ  ᠶᠢᠨ ᠠᠷᠠᠯᠵᠢᠶ᠎ᠠ ᠶᠢ ᠬᠢᠨᠠᠨ ᠬᠡᠮᠵᠢᠬᠦ ᠥᠪᠡᠷ ᠤᠨ ᠥᠷᠲᠡᠭ ᠢ ᠪᠠᠭᠠᠰᠬᠠᠬᠤ ᠵᠡᠷᠭᠡ 29 ᠵᠦᠶᠯ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠪᠡ︔ ᠬᠦᠴᠢᠩᠭᠢ᠂ ᠰᠢᠷ᠎ᠠ ᠴᠠᠷᠭᠠᠰᠤ᠂ ᠮᠥᠰᠥ ᠡᠪᠡᠰᠦ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦᠨ ᠤ ᠲᠥᠷᠥᠯ ᠵᠦᠶᠯ ᠢ ᠰᠢᠭᠰᠢᠨ ᠰᠣᠩᠭᠤᠵᠤ ᠬᠥᠮᠦᠨ ᠤ ᠬᠦᠴᠦ ᠪᠠᠷ ᠡᠪᠡᠰᠦ ᠳᠠᠷᠢᠬᠤ ᠳᠤ ᠬᠡᠷᠡᠭᠯᠡᠨ᠎ᠡ︔ ᠲᠠᠴᠢᠷᠳᠠᠭᠰᠠᠨ ᠨᠤᠲᠤᠭ ᠪᠡᠯᠴᠢᠭᠡᠷ ᠢ ᠣᠨᠣᠰᠢᠯᠠᠬᠤ ᠪᠠᠷᠢᠮᠵᠢᠶ᠎ᠠ ᠪᠣᠯᠤᠨ ᠣᠨᠣᠰᠢᠯᠠᠬᠤ ᠠᠷᠭ᠎ᠠ᠂ ᠳᠣᠤᠷ᠎ᠠ ᠨᠡᠭᠦᠷᠡᠰᠦᠲᠥ᠋ᠷᠥᠭᠴᠢᠲᠦ ᠨᠢᠭᠲᠠᠴᠠᠲᠤ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠠᠷᠠᠯᠵᠢᠶᠠᠯᠠᠬᠤ ᠵᠠᠭᠪᠤᠷ᠂ ᠡᠪᠡᠰᠦ ᠪᠡᠯᠴᠢᠭᠡᠷ ᠲᠠᠴᠢᠷᠳᠠᠭᠰᠠᠨ ᠶᠡᠷᠦᠩᠬᠡᠶᠢᠯᠡᠨ ᠬᠢᠨᠠᠨ ᠬᠡᠮᠵᠢᠬᠦ ᠪᠣᠷᠣ ᠲᠥᠯᠥᠪ ᠤᠨ ᠰᠢᠰᠲ᠋ᠧᠮᠵᠢ ᠶᠢ ᠪᠠᠶᠢᠭᠤᠯᠪᠠ︔ ᠮᠠᠯᠵᠢᠬᠤ ᠡᠷᠦᠬᠡ ᠶᠢᠨ ᠡᠷᠦᠬᠡ ᠬᠤᠯᠪᠣᠭᠠᠯᠠᠨ ᠡᠵᠡᠩᠨᠡᠬᠦ᠂ ᠣᠷᠣᠨ ᠪᠦᠰᠡ ᠠᠯᠤᠰᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠠᠮᠲᠤᠷᠠᠯᠴᠠᠨ ᠬᠥᠭᠵᠢᠬᠦ ᠪᠠ ᠠᠵᠤ ᠦᠶᠢᠯᠡᠰᠵᠢᠬᠦ᠂ 〈 ᠲᠡᠵᠢᠭᠡᠯ ᠡᠪᠡᠰᠦ + ᠢᠨᠲ᠋ᠧᠷ ᠰᠦᠯᠵᠢᠶ᠎ᠡ + ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠶᠯᠭᠡᠭᠡ + ᠬᠡᠯᠬᠢᠶᠡᠵᠢᠯ 〉 ᠤᠨ ᠵᠠᠭᠪᠤᠷ ᠵᠡᠷᠭᠡ ᠳᠤ ᠰᠠᠭᠤᠷᠢᠯᠠᠨ ᠰᠢᠨ᠎ᠡ ᠶᠢ ᠡᠭᠦᠳᠦᠭᠰᠡᠨ ᠨᠤᠲᠤᠭ ᠪᠡᠯᠴᠢᠭᠡᠷ ᠤᠨ ᠡᠵᠡᠩᠨᠡᠯᠲᠡ ᠪᠠ ᠬᠠᠮᠢᠶᠠᠷᠤᠯᠲᠠ ᠶᠢᠨ ᠵᠠᠭᠪᠤᠷ ᠲᠤ ᠵᠢᠱᠢᠶ᠎ᠡ ᠦᠵᠡᠭᠦᠯᠪᠡ  ᠃ ᠦᠷ᠎ᠡ ᠪᠦᠲᠦᠭᠡᠯ ᠨᠢ ᠲᠠᠴᠢᠷᠳᠠᠭᠰᠠᠨ ᠪᠡᠯᠴᠢᠭᠡᠷ ᠢ ᠬᠠᠮᠠᠭᠠᠯᠠᠨ ᠰᠡᠷᠭᠦᠭᠡᠵᠦ ᠪᠥᠲᠥᠭᠡᠨ ᠪᠠᠶᠢᠭᠤᠯᠬᠤ ᠳᠤ ᠰᠢᠭᠤᠳ ᠦᠶᠯᠡᠴᠢᠯᠡᠨ᠎ᠡ  ᠃ 》       ᠲᠥᠷᠥᠯ ᠵᠦᠶᠯ ᠤᠨ ᠰᠢᠰᠲ᠋ᠧᠮ ᠨᠢ ᠠᠳᠠᠯᠢ ᠪᠤᠰᠤ ᠠᠭᠤᠷ ᠠᠮᠢᠰᠬᠤᠯ ᠤᠨ ᠣᠷᠣᠨ ᠤ ᠡᠪᠡᠰᠦ ᠪᠡᠯᠴᠢᠭᠡᠷ ᠢ ᠮᠠᠭᠤᠳᠠᠭᠤᠯᠤᠭᠰᠠᠨ ᠪᠠᠶᠢᠭᠠᠯᠢ ᠪᠠ ᠬᠥᠮᠦᠨ ᠤ ᠬᠦᠴᠦᠨ ᠤ ᠬᠦᠴᠦᠨ ᠵᠦᠶᠯ ᠤᠨ ᠬᠠᠷᠢᠴᠠᠩᠭᠤᠶ ᠬᠤᠪᠢ ᠨᠡᠮᠡᠷᠢ ᠵᠢᠴᠢ ᠬᠤᠯᠪᠣᠯᠳᠤᠬᠤ ᠲᠣᠭᠲᠠᠴᠠ ᠶᠢ ᠢᠯᠡᠷᠡᠭᠦᠯᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠲᠣᠭᠲᠠᠪᠤᠷᠢᠲᠤ ᠴᠢᠨᠠᠷᠲᠠᠶ ᠪᠡᠯᠴᠢᠭᠡᠷᠯᠡᠭᠦᠯᠬᠦ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠲᠣᠳᠣᠷᠬᠠᠶᠢᠯᠠᠪᠠ  ᠃ ᠦᠷ᠎ᠡ ᠪᠦᠲᠦᠭᠡᠯ  ᠨᠢ ᠮᠠᠨ ᠤ ᠤᠯᠤᠰ ᠤᠨ ᠪᠡᠯᠴᠢᠭᠡᠷ ᠤᠨ ᠠᠮᠢ ᠠᠬᠤᠶ ᠶᠢᠨ ᠤᠬᠠᠭᠠᠨ ᠤ ᠰᠠᠭᠤᠷᠢ ᠣᠨᠣᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠪᠡ  ᠃ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠡᠷᠭᠢᠯᠲᠡ ᠶᠢᠨ ᠵᠠᠭᠪᠤᠷ ᠢ ᠬᠡᠷᠡᠭᠯᠡᠨ᠂ ᠣᠯᠠᠨ ᠬᠠᠷᠠᠭᠠᠰᠤ᠂ ᠪᠥᠬᠦ ᠲᠠᠯ᠎ᠠ ᠶᠢᠨ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠦᠶᠯᠡᠳᠪᠦᠷᠢᠯᠡᠯ ᠤᠨ ᠬᠦᠴᠦᠨ ᠵᠢᠴᠢ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠦᠶᠯᠡᠴᠢᠯᠡᠭᠡᠨ ᠤ ᠬᠥᠳᠡᠯᠦᠩᠭᠦᠶ ᠦᠨᠡᠯᠡᠨ ᠵᠢᠱᠢᠯᠲᠡ ᠶᠢ ᠪᠡᠶᠡᠯᠡᠭᠦᠯᠵᠦ᠂ ᠠᠳᠠᠯᠢ ᠪᠤᠰᠤ ᠲᠠᠴᠢᠷᠳᠠᠭᠰᠠᠨ ᠪᠡᠯᠴᠢᠭᠡᠷ ᠤᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠶᠯᠡᠴᠢᠯᠡᠭᠡᠨ ᠤ ᠦᠨᠡᠯᠡᠨ ᠵᠢᠱᠢᠯᠲᠡ ᠳᠤ ᠳᠣᠭᠢᠷᠠᠬᠤ ᠭᠦᠶᠴᠡᠳᠬᠡᠯ ᠲᠣᠭᠠᠨ ᠤ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ  ᠤᠨ ᠥᠷᠲᠡᠭ ᠤᠨ ᠲᠣᠭᠠᠴᠠᠭ᠎ᠠ ᠬᠢᠬᠦ ᠳᠤ ᠣᠨᠣᠯ ᠤᠨ ᠰᠠᠭᠤᠷᠢ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ  ᠃        ᠬᠦᠨᠳᠦ ᠨᠣᠴᠢᠲᠠᠶ ᠡᠯᠡᠰᠦᠷᠬᠡᠭᠵᠢᠭᠰᠡᠨ ᠪᠡᠯᠴᠢᠭᠡᠷ ᠤᠨ ᠨᠢᠴᠦᠭᠦᠨ ᠤᠷᠭᠤᠮᠠᠯ ᠤᠨ ᠬᠤᠴᠢᠯᠭ᠎ᠠ ᠬᠤᠪᠣᠷ᠂ ᠤᠷᠭᠤᠮᠠᠯ ᠤᠨ ᠦᠷ᠎ᠡ ᠶᠢ ᠲᠣᠭᠲᠠᠪᠤᠷᠢᠵᠢᠭᠤᠯᠬᠤ ᠶᠢᠨ ᠠᠷᠭ᠎ᠠ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠥᠷᠥᠯ ᠵᠦᠶᠯ ᠳᠤ 《 ᠬᠦᠨᠳᠦ ᠨᠣᠴᠢᠲᠠᠶ ᠡᠯᠡᠰᠦᠷᠬᠡᠭᠵᠢᠭᠰᠡᠨ ᠪᠡᠯᠴᠢᠭᠡᠷ ᠢ ᠲᠦᠷᠭᠡᠨ ᠵᠠᠰᠠᠬᠤ ᠰᠢᠨ᠎ᠡ ᠮᠠᠲ᠋ᠧᠷᠢᠶᠠᠯ  ᠤᠨ ᠮᠧᠬᠠᠨᠢᠭ ᠡᠯᠡᠰᠦᠨ ᠬᠠᠯᠬᠠᠪᠴᠢ ᠪᠠ ᠠᠮᠢᠳᠤ ᠪᠣᠳᠠᠰ ᠤᠨ ᠡᠯᠡᠰᠦ ᠶᠢ ᠲᠣᠭᠲᠠᠪᠤᠷᠢᠵᠢᠭᠤᠯᠬᠤ ᠬᠤᠯᠢᠮᠠᠭ ᠮᠡᠷᠭᠡᠵᠢᠯ 》 ᠢ ᠰᠤᠳᠤᠯᠤᠨ ᠨᠡᠭᠡᠭᠡᠪᠡ᠂ ᠲᠣᠰ ᠮᠡᠷᠭᠡᠵᠢᠯ ᠨᠢ ᠥᠪᠡᠷ ᠤᠨ ᠥᠷᠲᠡᠭ ᠢᠶᠠᠷ ᠳᠣᠤᠷ᠎ᠠ᠂ ᠬᠢᠯᠪᠠᠷ ᠠᠵᠢᠯᠯᠠᠵᠤ ᠪᠣᠯᠬᠤ ᠠᠮᠢᠳᠤ ᠪᠣᠳᠠᠰ ᠤᠨ ᠰᠠᠭᠤᠷᠢ ᠵᠠᠳᠠᠷᠠᠭᠤᠯᠵᠤ ᠪᠣᠯᠬᠤ ᠰᠦᠨ ᠬᠦᠴᠢᠯ ᠤᠨ ᠮᠠᠲ᠋ᠧᠷᠢᠶᠠᠯ ᠢ ᠠᠰᠢᠭᠯᠠᠨ ᠵᠣᠬᠢᠶᠠᠭᠰᠠᠨ ᠣᠷᠳᠣ ᠵᠤᠷᠪᠤᠰ ᠡᠯᠡᠰᠦᠨ ᠤᠭᠤᠲᠠ ᠶᠢ ᠰᠤᠳᠤᠯᠤᠨ ᠨᠡᠭᠡᠭᠡᠵᠦ᠂ ᠲᠣᠤᠷᠵᠢᠭᠰᠠᠨ ᠬᠡᠯᠪᠡᠷᠢ ᠶᠢᠨ ᠮᠧᠬᠠᠨᠢᠭ ᠡᠯᠡᠰᠦᠨ ᠬᠠᠯᠬᠠᠪᠴᠢ ᠪᠣᠯᠭᠠᠨ ᠪᠠᠶᠢᠷᠢᠯᠠᠭᠤᠯᠵᠤ᠂ ᠳᠠᠬᠢᠨ ᠡᠯᠡᠰᠦᠨ ᠬᠠᠯᠬᠠᠪᠴᠢ ᠶᠢᠨ ᠳᠣᠲᠣᠷᠠᠬᠢ ᠰᠢᠷᠠᠯᠵᠢ  ᠶᠢᠨ ᠤᠷᠭᠤᠮᠠᠯ ᠤᠨ ᠦᠷ᠎ᠡ ᠶᠢ ᠰᠠᠴᠤᠵᠤ ᠳᠠᠷᠢᠬᠤ ᠮᠡᠷᠭᠡᠵᠢᠯ ᠲᠠᠢ ᠤᠶᠠᠯᠳᠤᠭᠤᠯᠤᠨ᠂ ᠦᠷ᠎ᠡ ᠶᠢᠨ ᠨᠡᠭᠦᠳᠡᠯ ᠡᠯᠡᠰᠦᠨ ᠳᠡᠭᠡᠷ᠎ᠡ ᠲᠣᠭᠲᠠᠪᠤᠷᠢᠵᠢᠬᠤ ᠠᠰᠠᠭᠤᠳᠠᠯ ᠢ ᠰᠢᠶᠳᠪᠦᠷᠢᠯᠡᠵᠦ᠂ ᠬᠦᠨᠳᠦ ᠨᠣᠴᠢᠲᠠᠶ ᠡᠯᠡᠰᠦᠷᠬᠡᠭᠵᠢᠭᠰᠡᠨ ᠪᠡᠯᠴᠢᠭᠡᠷ ᠢ ᠲᠦᠷᠭᠡᠨ ᠰᠡᠷᠭᠦᠭᠡᠬᠦ ᠳᠤ ᠬᠡᠷᠡᠭᠯᠡᠵᠦ ᠪᠣᠯᠤᠨ᠎ᠠ  ᠃
      ᠳᠤᠯᠠᠭᠠᠨ ᠰᠡᠷᠢᠭᠦᠨ ᠪᠦᠰᠡ ᠶᠢᠨ ᠴᠦᠯᠯᠡᠷᠬᠡᠭ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠬᠦᠴᠦᠨ ᠳᠣᠤᠷ᠎ᠠ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠷᠥᠯ ᠵᠦᠶᠯ ᠳᠤ 《 ᠳᠤᠯᠠᠭᠠᠨ ᠰᠡᠷᠢᠭᠦᠨ ᠪᠦᠰᠡ ᠶᠢᠨ ᠲᠠᠴᠢᠷᠳᠠᠭᠰᠠᠨ ᠴᠦᠯᠯᠡᠷᠬᠡᠭ ᠨᠤᠲᠤᠭ ᠪᠡᠯᠴᠢᠭᠡᠷ ᠢ ᠣᠶᠢᠷ᠎ᠠ ᠬᠠᠪᠢ ᠶᠢᠨ ᠠᠶᠠᠨᠳᠠᠭᠠᠨ ᠰᠡᠷᠭᠦᠭᠡᠬᠦ ᠮᠡᠷᠭᠡᠵᠢᠯ 》 ᠢ ᠰᠤᠳᠤᠯᠤᠨ ᠨᠡᠭᠡᠭᠡᠪᠡ᠂ ᠲᠣᠰ ᠮᠡᠷᠭᠡᠵᠢᠯ ᠨᠢ ᠲᠤᠬᠠᠶ ᠶᠢᠨ ᠭᠠᠵᠠᠷ ᠤᠨ ᠲᠠᠴᠢᠷᠳᠠᠭᠰᠠᠨ ᠨᠤᠲᠤᠭ ᠪᠡᠯᠴᠢᠭᠡᠷ ᠲᠤ 7 ᠵᠦᠶᠯ ᠤᠨ ᠡᠪᠡᠰᠦ ᠲᠠᠷᠢᠪᠠ᠂ ᠮᠣᠩᠭᠤᠯ ᠮᠥᠰᠥᠲᠦ ᠡᠪᠡᠰᠦ ᠶᠢ ᠲᠣᠭᠲᠠᠭᠠᠪᠠ᠂ ᠡᠯᠡᠰᠦᠨ ᠶᠥᠷᠬᠦᠭ᠂ ᠦᠬᠡᠷ ᠤᠨ ᠮᠥᠴᠢᠷ᠂ ᠱᠠ ᠳ᠋ᠠ ᠸᠠᠩ ᠨᠤᠲᠤᠭ ᠤᠨ ᠤᠷᠭᠤᠮᠠᠯ ᠢᠶᠠᠷ ᠭᠤᠤᠯ ᠨᠥᠬᠦᠵᠦ ᠲᠠᠷᠢᠬᠤ ᠲᠥᠷᠥᠯ ᠵᠦᠶᠯ ᠪᠣᠯᠭᠠᠨ᠎ᠠ᠂ ᠰᠤᠳᠤᠯᠤᠨ ᠨᠡᠭᠡᠭᠡᠬᠦ ᠴᠤᠭᠯᠠᠷᠠᠯ᠂ ᠨᠡᠭᠡᠭᠡ᠂ ᠲᠡᠷᠢᠬᠤ᠂ ᠳᠠᠷᠤᠬᠤ᠂ ᠨᠢᠭᠡ ᠴᠣᠭᠴᠠᠲᠤ ᠣᠯᠠᠨ ᠴᠢᠳᠠᠪᠤᠷᠢᠲᠤ ᠲᠠᠷᠢᠬᠤ ᠮᠠᠰᠢᠨ ᠪᠣᠯᠭᠠᠨ ᠪᠦᠷᠬᠦᠬᠦ᠂ ᠠᠯᠤᠰᠯᠠᠨ ᠳᠠᠬᠢᠨ ᠬᠠᠭᠠᠯᠪᠤᠷᠢᠯᠠᠵᠤ ᠪᠣᠷᠣᠭᠠᠨ ᠤ ᠤᠰᠤ ᠶᠢ ᠤᠷᠢᠳᠴᠢᠯᠠᠨ ᠬᠠᠳᠠᠭᠠᠯᠠᠬᠤ ᠬᠡᠷᠡᠭᠲᠡᠶ᠂ ᠬᠠᠳᠠᠭᠠᠯᠠᠬᠤ᠂ ᠪᠦ᠋ᠦ᠂ ᠤᠰᠤ ᠲᠠᠲᠠᠬᠤ ᠵᠢᠴᠢ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠬᠠᠮᠵᠢᠯᠴᠠᠭᠰᠠᠨ ᠪᠠᠢᠭᠠᠯᠢᠵᠢᠭᠰᠠᠨ ᠪᠡᠯᠴᠢᠭᠡᠷ ᠤᠨ ᠦᠶᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠮᠡᠷᠭᠡᠵᠢᠯ ᠤᠨ ᠰᠢᠰᠲ᠋ᠧᠮ᠂ ᠮᠡᠷᠭᠡᠵᠢᠯ ᠢ ᠴᠦᠯᠯᠡᠷᠬᠡᠭ ᠨᠤᠲᠤᠭ ᠪᠡᠯᠴᠢᠭᠡᠷ ᠢ ᠲᠦᠷᠭᠡᠨ ᠰᠡᠷᠭᠦᠭᠡᠬᠦ ᠳᠤ ᠬᠡᠷᠡᠭᠯᠡᠵᠦ ᠪᠣᠯᠤᠨ᠎ᠠ  ᠃        ᠬᠤᠨᠢᠨ ᠤ ᠠᠷᠠᠰᠤ ᠵᠢᠴᠢ ᠭᠡᠷ ᠤᠨ ᠲᠡᠵᠢᠭᠡᠪᠦᠷᠢ ᠶᠢᠨ ᠠᠮᠠᠨ ᠬᠥᠨᠳᠡᠶ ᠳᠤ ᠬᠤᠬᠢᠷᠠᠯ ᠤᠴᠠᠷᠠᠭᠤᠯᠬᠤ ᠠᠰᠠᠭᠤᠳᠠᠯ ᠳᠤ ᠴᠢᠭᠯᠡᠭᠦᠯᠦᠨ᠂ ᠲᠥᠷᠥᠯ ᠵᠦᠶᠯ ᠳᠤ ᠭᠡᠷ ᠤᠨ ᠲᠡᠵᠢᠭᠡᠪᠦᠷᠢ ᠶᠢ ᠠᠰᠢᠭᠯᠠᠨ ᠬᠠᠵᠠᠭᠠᠷ ᠤᠨ ᠬᠥᠨᠥᠭᠡᠯ  ᠢ ᠬᠢᠵᠠᠭᠠᠷᠯᠠᠬᠤ ᠪᠣᠯᠪᠠᠴᠤ ᠨᠤᠲᠤᠭ ᠪᠡᠯᠴᠢᠭᠡᠷ ᠤᠨ ᠶᠡᠷᠦᠩᠬᠡᠶ ᠦᠶᠯᠡᠳᠪᠦᠷᠢᠯᠡᠯ ᠤᠨ ᠬᠦᠴᠦᠨ ᠢ ᠨᠥᠯᠥᠭᠡᠯᠡᠬᠦ ᠦᠭᠡᠶ ᠮᠡᠷᠭᠡᠵᠢᠯ ᠢ ᠰᠤᠳᠤᠯᠤᠨ ᠨᠡᠭᠡᠭᠡᠪᠡ  ᠃ ᠲᠣᠰ ᠮᠡᠷᠭᠡᠵᠢᠯ ᠨᠢ ᠬᠢᠯᠭᠠᠨ᠎ᠠ ᠶᠢᠨ ᠲᠦᠷᠦᠭᠦᠦ ᠲᠦᠷᠦᠭᠦᠯᠡᠬᠦ ᠬᠤᠭᠤᠴᠠᠭᠠᠨ  ᠳᠤ᠂ ᠣᠬᠤᠷ ᠬᠤᠭᠤᠴᠠᠭᠠᠨ ᠳᠤ ᠲᠥᠪᠯᠡᠷᠡᠭᠦᠯᠦᠨ ᠥᠨᠳᠥᠷ ᠬᠦᠴᠦᠯᠡᠴᠡ ᠲᠠᠢ ᠮᠠᠯᠯᠠᠬᠤ ᠪᠠᠷ ᠳᠡᠮᠵᠢᠨ᠂ ᠶᠡᠬᠡᠩᠬᠢ ᠬᠡᠮᠵᠢᠶᠡᠨ ᠤ ᠰᠢᠮ᠎ᠡ ᠲᠡᠵᠢᠭᠡᠯ ᠡᠯᠪᠡᠭ᠂ ᠠᠮᠲᠠ ᠰᠠᠶᠢᠲᠠᠶ ᠬᠢᠯᠭᠠᠨ᠎ᠠ ᠶᠢᠨ ᠪᠠᠭ ᠴᠡᠴᠡᠭ ᠢ ᠢᠳᠡᠵᠦ ᠳᠠᠭᠤᠰᠬᠠᠨ᠂ ᠬᠢᠯᠭᠠᠨ᠎ᠠ ᠶᠢᠨ ᠦᠷ᠎ᠡ ᠵᠢᠮᠢᠰᠯᠡᠬᠦ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠵᠤ ᠴᠢᠳᠠᠬᠤ ᠪᠠᠷ ᠪᠠᠷᠠᠬᠤ ᠥᠬᠡᠶ᠂ ᠪᠠᠰᠠ ᠪᠠᠭ ᠴᠡᠴᠡᠭ ᠤᠨ ᠡᠬᠢ ᠪᠠᠶᠠᠯᠢᠭ ᠢ ᠭᠦᠶᠴᠡᠳ ᠠᠰᠢᠭᠯᠠᠵᠤ ᠴᠢᠳᠠᠬᠤ ᠪᠥᠭᠡᠳ ᠨᠤᠲᠤᠭ ᠪᠡᠯᠴᠢᠭᠡᠷ ᠤᠨ ᠪᠦᠯᠦᠭᠯᠡᠯ  ᠤᠨ ᠦᠶᠯᠡᠳᠪᠦᠷᠢᠯᠡᠯ ᠤᠨ ᠬᠦᠴᠦᠨ ᠢ ᠦᠨᠳᠦᠰᠦᠨ ᠳᠡᠭᠡᠨ ᠨᠥᠯᠥᠭᠡᠯᠡᠬᠦ ᠥᠬᠡᠶ ᠪᠠᠶᠢᠵᠤ᠂ ᠮᠡᠷᠭᠡᠵᠢᠯ ᠢ ᠬᠢᠯᠭᠠᠨ᠎ᠠ  ᠪᠠᠷ ᠳᠠᠪᠠᠭᠤᠯᠢᠭ ᠪᠣᠯᠭᠠᠭᠰᠠᠨ ᠵᠦᠯᠭᠡᠲᠦ ᠲᠠᠯ᠎ᠠ ᠨᠤᠲᠤᠭ᠂ ᠨᠡᠶᠢᠲᠡᠯᠢᠭ ᠲᠠᠯ᠎ᠠ ᠨᠤᠲᠤᠭ ᠪᠠ ᠡᠯᠡᠰᠦᠨ ᠴᠥᠯ ᠤᠨ ᠲᠠᠯ᠎ᠠ ᠨᠤᠲᠤᠭ ᠲᠤ ᠬᠡᠷᠡᠭᠯᠡᠵᠦ ᠪᠣᠯᠤᠨ᠎ᠠ  ᠃       ᠲᠥᠷᠥᠯ ᠵᠦᠶᠯ ᠳᠤ ᠪᠠᠰᠠ ᠮᠠᠯ ᠬᠠᠷᠢᠭᠤᠯᠬᠤ ᠬᠡᠷ ᠪᠦᠯᠢ ᠶᠢᠨ ᠮᠠᠯ ᠤᠨ ᠳᠠᠭᠠᠭᠠᠴᠠ ᠶᠢᠨ ᠨᠠᠷᠢᠯᠢᠭ ᠣᠨᠣᠪᠴᠢᠲᠠᠶ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠬᠡᠷᠡᠭᠯᠡᠭᠴᠢᠳ ᠤᠨ ᠮᠠᠯᠵᠢᠯ ᠤᠨ ᠲᠠᠯᠠᠪᠠᠶ ᠣᠷᠣᠭᠤᠯᠬᠤ᠂ ᠲᠣᠬᠢᠷᠠᠭᠤᠯᠤᠭᠰᠠᠨ ᠰᠠᠷ᠎ᠠ᠂ ᠭᠠᠵᠠᠷ ᠤᠨ ᠪᠠᠶᠢᠴᠠ᠂ ᠤᠰᠤᠨ ᠤ ᠡᠬᠢ ᠰᠤᠷᠪᠤᠯᠵᠢ ᠵᠡᠷᠭᠡ ᠶᠢᠨ ᠪᠣᠯᠵᠣᠯᠲᠤ ᠲᠤᠭ᠎ᠠ ᠶᠢ ᠰᠣᠩᠭᠤᠨ ᠲᠣᠭᠲᠠᠭᠠᠪᠠᠯ᠂ ᠮᠠᠯ ᠮᠠᠯᠵᠢᠬᠤ ᠨᠤᠲᠤᠭ ᠪᠡᠯᠴᠢᠭᠡᠷ ᠲᠤ ᠬᠡᠷᠡᠭᠯᠡᠬᠦ ᠲᠣᠬᠢᠷᠠᠮᠵᠢᠲᠠᠶ ᠮᠠᠯ ᠤᠨ ᠪᠠᠭᠲᠠᠭᠠᠮᠵᠢ ᠶᠢ ᠲᠦᠷᠭᠡᠨ ᠪᠥᠭᠡᠳ ᠳᠥᠭᠦᠮ ᠳᠥᠲᠡ ᠪᠠᠷ ᠪᠤᠳᠤᠵᠤ ᠭᠠᠷᠭᠠᠵᠤ᠂ ᠬᠡᠷ ᠤᠨ ᠲᠡᠵᠢᠭᠡᠪᠦᠷᠢ ᠪᠠ ᠨᠤᠲᠤᠭ ᠪᠡᠯᠴᠢᠭᠡᠷ ᠤᠨ ᠨᠠᠷᠢᠯᠢᠭ ᠣᠨᠣᠪᠴᠢᠲᠠᠶ ᠬᠠᠮᠢᠶᠠᠷᠤᠯᠲᠠ ᠳᠤ ᠳᠥᠭᠦᠮ ᠳᠥᠲᠡ ᠦᠶᠯᠡᠴᠢᠯᠡᠭᠡ ᠬᠠᠩᠭᠠᠵᠤ ᠂ ᠲᠣᠰ ᠮᠡᠷᠭᠡᠵᠢᠯ ᠢ ᠠᠳᠠᠯᠢ ᠪᠤᠰᠤ ᠨᠤᠲᠤᠭ ᠪᠡᠯᠴᠢᠭᠡᠷ ᠤᠨ ᠣᠷᠣᠨ ᠤ ᠬᠡᠷ ᠪᠦᠯᠢ ᠶᠢᠨ ᠮᠠᠯᠵᠢᠯ ᠤᠨ ᠲᠠᠯᠠᠪᠠᠶ ᠳᠤ ᠬᠡᠷᠡᠭᠯᠡᠵᠦ ᠪᠣᠯᠤᠨ᠎ᠠ  ᠃ ᠲᠥᠷᠥᠯ ᠵᠦᠶᠯ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠬᠢᠨᠠᠨ ᠬᠡᠮᠵᠢᠬᠦ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ ᠶᠢ ᠰᠦᠪᠡᠭᠴᠢᠯᠡᠵᠦ᠂ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠠᠷᠠᠯᠵᠢᠶᠠᠯᠠᠬᠤ ᠪᠣᠯᠤᠮᠵᠢᠲᠤ ᠵᠠᠭᠪᠤᠷ ᠪᠠ ᠮᠠᠯᠴᠢᠳ ᠤᠨ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠲᠤ ᠪᠠᠷ ᠵᠠᠰᠠᠬᠤ ᠪᠠ ᠬᠠᠮᠢᠶᠠᠷᠬᠤ ᠶᠢ ᠵᠣᠷᠢᠭᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ  ᠃ ᠲᠠᠴᠢᠷᠳᠠᠭᠰᠠᠨ ᠪᠡᠯᠴᠢᠭᠡᠷ ᠢ ᠵᠠᠰᠠᠨ ᠰᠡᠷᠭᠦᠭᠡᠬᠦ ᠮᠡᠷᠭᠡᠵᠢᠯ ᠤᠨ ᠵᠢᠷᠤᠮᠵᠢᠯ ᠵᠡᠷᠭᠡ 4 ᠵᠦᠶᠯ ᠤᠨ ᠤᠯᠤᠰ ᠤᠨ ᠪᠠᠷᠢᠮᠵᠢᠶ᠎ᠠ ᠶᠢ ᠨᠡᠶᠢᠲᠡᠯᠡᠪᠡ  ᠃        ᠡᠭᠦᠨ ᠤ ᠬᠠᠮᠲᠤ᠂ ᠤᠯᠤᠰ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠥᠪ ᠤᠨ ᠱᠠᠭᠠᠷᠳᠠᠯᠭ᠎ᠠ ᠶᠣᠰᠣᠭᠠᠷ᠂ ᠲᠥᠷᠥᠯ ᠵᠦᠶᠯ ᠤᠨ ᠦᠶᠯᠡᠳᠪᠦᠷᠢᠯᠡᠭᠰᠡᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠨᠢᠭᠡᠨᠲᠡ ᠤᠯᠤᠰ  ᠤᠨ ᠮᠥᠰᠥᠲᠦᠯᠭᠡ ᠶᠢᠨ ᠴᠡᠪᠳᠡᠭ ᠡᠯᠡᠰᠦᠨ ᠴᠥᠯ ᠤᠨ ᠰᠢᠨᠵᠢᠯᠡᠬᠦ ᠤᠬᠠᠭᠠᠨ ᠤ ᠲᠤᠭ᠎ᠠ ᠪᠠᠷᠢᠮᠲᠠ ᠶᠢᠨ ᠲᠥᠪ ( www . ncdc . ac . cn ) ᠲᠤ ᠵᠢᠩᠬᠢᠨᠢ ᠪᠠᠷ ᠨᠡᠶᠢᠲᠡᠯᠡᠭᠰᠡᠨ ᠪᠥᠭᠡᠳ ᠪᠠᠭᠤᠯᠭᠠᠵᠤ ᠠᠪᠬᠤ ᠪᠠᠷ ᠬᠠᠩᠭᠠᠭᠰᠠᠨ ᠪᠠᠶᠢᠨ᠎ᠠ  ᠃ ᠲᠥᠷᠥᠯ ᠵᠦᠶᠯ ᠤᠨ ᠨᠡᠶᠢᠲᠡᠯᠡᠭᠰᠡᠨ 32 ᠲᠤᠭ᠎ᠠ ᠪᠠᠷᠢᠮᠲᠠ ᠶᠢᠨ ᠴᠤᠭᠯᠠᠷᠠᠯ ᠳᠤ ᠥᠪᠥᠷ ᠮᠣᠩᠭᠤᠯ᠂ ᠭᠠᠨᠰᠦ᠂ ᠨᠢᠩᠰᠢᠶᠠ ᠶᠢᠨ ᠴᠦᠯᠯᠡᠷᠭᠡᠭᠵᠢᠭᠰᠡᠨ ᠨᠤᠲᠤᠭ ᠪᠡᠯᠴᠢᠭᠡᠷ ᠤᠨ ᠣᠷᠣᠨ ᠪᠦᠰᠡ ᠶᠢᠨ ᠠᠭᠤᠷ ᠠᠮᠢᠰᠬᠤᠯ᠂ ᠤᠷᠭᠤᠮᠠᠯ ᠤᠨ ᠬᠤᠴᠢᠯᠭ᠎ᠠ᠂ ᠬᠥᠷᠥᠰᠥ ᠰᠢᠷᠣᠶ᠂ ᠪᠡᠯᠴᠢᠭᠡᠷᠯᠡᠭᠦᠯᠬᠦ ᠲᠤᠷᠰᠢᠯᠲᠠ ᠵᠡᠷᠭᠡ ᠲᠠᠯ᠎ᠠ ᠶᠢᠨ ᠲᠤᠭ᠎ᠠ ᠪᠠᠷᠢᠮᠲᠠ ᠶᠢ ᠪᠠᠭᠲᠠᠭᠠᠵᠤ᠂ ᠠᠳᠠᠯᠢ ᠪᠤᠰᠤ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠦᠶᠯᠡᠴᠢᠯᠡᠭᠡ ᠦᠨᠡᠯᠡᠯᠲᠡ ᠶᠢᠨ ᠮᠡᠷᠭᠡᠵᠢᠯ ᠤᠨ ᠰᠢᠰᠲ᠋ᠧᠮ ᠢ ᠰᠤᠳᠤᠯᠤᠨ ᠨᠡᠭᠡᠭᠡᠵᠦ᠂ ᠠᠳᠠᠯᠢ ᠪᠤᠰᠤ ᠲᠠᠴᠢᠷᠳᠠᠭᠰᠠᠨ ᠵᠡᠷᠭᠡ ᠳᠡᠰ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠦᠶᠯᠡᠳᠪᠦᠷᠢᠯᠡᠯ ᠤᠨ ᠬᠦᠴᠦᠨ᠂ ᠨᠡᠭᠦᠷᠡᠰᠦᠲᠥ᠋ᠷᠥᠭᠴᠢ ᠶᠢᠨ ᠨᠥᠭᠡᠴᠡ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠢᠴᠢ ᠵᠢᠭᠤᠯᠴᠢᠯᠠᠯ ᠵᠡᠷᠭᠡ ᠦᠶᠯᠡᠴᠢᠯᠡᠭᠡᠨ ᠤ ᠴᠢᠳᠠᠮᠵᠢ ᠶᠢᠨ ᠳᠠᠯᠳᠠ ᠬᠦᠴᠦᠨ ᠢ ᠰᠢᠰᠲ᠋ᠧᠮ ᠲᠠᠢ ᠦᠨᠡᠯᠡᠵᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠲᠠᠰ ᠬᠤᠪᠢᠶᠠᠨ ᠬᠠᠮᠢᠶᠠᠷᠬᠤ ᠪᠠ ᠦᠷᠭᠦᠯᠵᠢᠯᠡᠨ ᠠᠰᠢᠭᠯᠠᠬᠤ ᠳᠤ ᠦᠨᠡᠯᠡᠯᠲᠡ ᠶᠢᠨ ᠰᠢᠰᠲ᠋ᠧᠮ ᠬᠠᠩᠭᠠᠪᠠ  ᠃       ᠣᠳᠣᠬᠠᠨ ᠳᠤ᠂ ᠲᠦᠷᠦᠯ ᠵᠦᠢᠯ ᠨᠢ ᠨᠢᠭᠡᠨᠲᠡ ᠲᠤᠷᠰᠢᠯᠲᠠ ᠪᠠ ᠵᠢᠱᠢᠶ᠎ᠡ ᠦᠵᠡᠭᠦᠯᠬᠦ ᠣᠷᠣᠨ ᠢ 43 ᠲᠦᠮᠡᠨ ᠮᠦ ᠰᠢᠬᠠᠮ ᠪᠠᠶᠢᠭᠤᠯᠵᠤ᠂ ᠰᠠᠶᠢᠨ ᠰᠠᠶᠢᠬᠠᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠣᠯᠵᠠᠢ  ᠃ ᠲᠥᠷᠥᠯ ᠵᠦᠶᠯ ᠤᠨ ᠦᠷ᠎ᠡ ᠪᠦᠲᠦᠭᠡᠯ ᠨᠢ ᠴᠦᠯᠯᠡᠷᠭᠡᠭᠵᠢᠭᠰᠡᠨ ᠮᠠᠭᠤᠳᠠᠭᠰᠠᠨ ᠪᠡᠯᠴᠢᠭᠡᠷ ᠢ ᠵᠠᠰᠠᠬᠤ᠂ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠵᠢᠴᠢ ᠠᠮᠢ ᠠᠬᠤᠶ ᠶᠢᠨ ᠮᠠᠯ ᠠᠵᠤ ᠠᠬᠤᠶ ᠶᠢᠨ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠲᠥᠷᠥᠯ ᠵᠦᠶᠯ ᠤᠨ ᠬᠡᠷᠡᠭᠵᠢᠭᠦᠯᠦᠯᠲᠡ ᠨᠢ ᠥᠪᠥᠷ ᠮᠣᠩᠭᠤᠯ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号