ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠬᠢᠭᠡᠳ ᠤᠯᠠᠭᠠᠨᠴᠠᠪ ᠬᠤᠲᠠ ᠲᠢᠩᠬᠢᠮ ᠬᠤᠲᠠ ᠶᠢᠨ ᠵᠥᠪᠳᠡᠯᠴᠡᠬᠦ ᠠᠵᠢᠯ ᠢ ᠠᠬᠢᠭᠤᠯᠬᠤ ᠲᠤᠬᠠᠶ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2022/6/28
     6 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠨᠡᠷ ᠲᠠᠢ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠪᠠ ᠲᠢᠩᠬᠢᠮ ᠬᠤᠲᠠ ᠶᠢᠨ ᠵᠥᠪᠳᠡᠯᠴᠡᠬᠦ ᠠᠵᠢᠯ ᠤᠨ ᠲᠤᠬᠠᠶ ᠶᠠᠷᠢᠯᠴᠠᠪᠠ  ᠃
      ᠬᠤᠶᠠᠷ ᠲᠠᠯ᠎ᠠ ᠪᠠᠷ ᠢᠶᠠᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠤᠯᠠᠭᠠᠨᠴᠠᠪ ( ᠪᠡᠭᠡᠵᠢᠩ ᠥᠪᠥᠷ ᠮᠣᠩᠭᠤᠯ ) ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠤᠯᠠᠮᠵᠢᠯᠠᠯᠲᠤ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠦᠷ᠎ᠡ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ᠂ ᠴᠠᠬᠠᠷ ᠳᠡᠭᠡᠳᠦ ᠰᠢᠨ᠎ᠡ ᠲᠣᠭᠤᠷᠢᠭ ᠢ ᠡᠭᠦᠳᠦᠨ ᠪᠠᠶᠢᠭᠤᠯᠬᠤ᠂ ᠲᠢᠩᠬᠢᠮ ᠬᠤᠲᠠ ᠶᠢᠨ ᠵᠥᠪᠳᠡᠯᠴᠡᠬᠦ ᠠᠵᠢᠯ ᠢ ᠠᠬᠢᠭᠤᠯᠬᠤ ᠵᠡᠷᠭᠡ ᠭᠤᠤᠯᠳᠠᠯᠭ᠎ᠠ ᠲᠠᠢ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ  ᠃
      ᠰᠦᠶ ᠸᠧᠶ ᠵᠢᠶᠦ᠋ᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠢᠨ ᠣᠷᠳᠣ ᠬᠤᠭᠤᠴᠠᠭᠠᠨ ᠤ ᠲᠤᠷᠰᠢ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠦᠴᠦᠲᠡᠶ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ  ᠃ ᠲᠡᠷᠡ᠂ ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠪᠡ  ᠃ ᠲᠡᠷᠡ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠢᠩᠬᠢᠮ ᠲᠠᠢ ᠬᠠᠮᠲᠤ ᠪᠠᠷ ᠲᠢᠩᠬᠢᠮ ᠬᠤᠳᠠ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠠᠵᠢᠯ ᠤᠨ ᠵᠥᠪᠳᠡᠯᠴᠡᠭᠡᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠠᠬᠢᠯᠭᠠᠨ ᠲᠣᠣᠷ ᠤᠨ ᠳᠠᠭᠠᠭᠠᠴᠠ ᠨᠥᠭᠡᠴᠡ᠂ ᠪᠠᠯ ᠴᠢᠯᠠᠭᠤᠨ ᠠᠯᠺᠧᠨ ᠵᠡᠷᠭᠡ ᠬᠤᠣᠰ ᠨᠡᠭᠦᠷᠡᠰᠦᠲᠥ᠋ᠷᠥᠭᠴᠢ ᠶᠢᠨ ᠬᠦᠷᠢᠶᠡᠨ ᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠲᠥᠮᠥᠰᠥ᠂ ᠢᠳᠡᠰᠢᠨ ᠬᠤᠨᠢ ᠪᠠᠷ ᠲᠥᠯᠥᠭᠡᠯᠡᠭᠦᠯᠦᠭᠰᠡᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ  ᠶᠢ ᠰᠠᠶᠢᠲᠤᠷ ᠨᠠᠶᠢᠳᠠᠪᠤᠷᠢᠵᠢᠭᠤᠯᠬᠤ ᠶᠢ ᠬᠦᠰᠡᠪᠡ  ᠃       ᠰᠦᠨ ᠵᠢᠶᠦ᠋ᠨ ᠴᠢᠩ ᠣᠶᠢᠷ᠎ᠠ ᠶᠢᠨ ᠵᠢᠯ ᠠᠴᠠ ᠨᠠᠭᠠᠰᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠤᠭᠠᠳ ᠣᠯᠤᠭᠰᠠᠨ ᠥᠨᠳᠥᠷ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ  ᠃ ᠲᠡᠷᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠲᠢᠩᠬᠢᠮ ᠬᠤᠲᠠ ᠶᠢᠨ ᠵᠥᠪᠳᠡᠯᠴᠡᠬᠦ ᠲᠣᠭᠲᠠᠴᠠ ᠪᠠᠷ ᠬᠦᠴᠦᠯᠡᠬᠦ ᠴᠡᠭ ᠢᠶᠠᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠤᠯᠠᠭᠠᠨᠴᠠᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠰᠤᠳᠴᠢ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠤᠯᠠᠭᠠᠨᠴᠠᠪ ᠬᠤᠲᠠ ᠶᠢᠨ ᠬᠢᠨ ᠲᠠᠷᠢᠶᠠᠯᠠᠩ ᠤᠨ ᠬᠦᠷᠢᠶᠡᠨ ᠳᠤ ᠬᠤᠷᠠᠮᠳᠤᠭᠤᠯᠤᠭᠰᠠᠨ ᠰᠢᠨ᠎ᠡ ᠶᠢ ᠡᠭᠦᠳᠬᠦ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠪᠠ ᠲᠦᠷᠢᠮ ᠤᠨ ᠪᠠᠲᠤᠯᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠣᠷᠣᠨ ᠢ ᠥᠨᠳᠥᠷ ᠭᠠᠷᠤᠭ᠎ᠠ ᠠᠴᠠ ᠴᠣᠭᠴᠠᠯᠠᠵᠤ᠂ ᠣᠷᠣᠨ ᠤ ᠳᠣᠲᠣᠨ᠎ᠠ ᠭᠠᠳᠠᠨᠠᠬᠢ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠲᠤ ᠲᠦᠰᠢᠭᠯᠡᠨ᠂ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠢᠯᠡᠳᠬᠡᠪᠡ  ᠃       ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠭᠦᠸᠧ ᠭᠠᠩ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠸᠧᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᡁᠢ ᠺᠤᠸᠠᠨ᠂ ᠲᠢᠩᠬᠢᠮ ᠤᠨ ᠳᠡᠳ᠋ ᠳᠠᠷᠤᠭ᠎ᠠ ᠢᠦ᠋ᠶ ᠸᠧᠶ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号