ᠰᠢᠨ᠎ᠡ ᠶᠢ ᠡᠭᠦᠳᠦᠨ ᠦᠶᠯᠡᠰ ᠪᠤᠰᠬᠠᠬᠤ ᠳᠤ ᠬᠦᠴᠦᠨ ᠨᠡᠮᠡᠷᠢᠯᠡᠵᠦ᠂ ᠣᠷᠳᠣᠰ ᠬᠤᠲᠠ ᠶᠢᠨ ᠣᠯᠠᠨ ᠢᠶᠠᠷ  ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠡᠩᠨᠡᠭᠡ ᠳᠤ ᠰᠢᠨ᠎ᠡ ᠴᠡᠷᠢᠭ  ᠨᠡᠮᠡᠭᠳᠡᠪᠡ
ᠨᠡᠶᠢᠲᠡᠯᠡᠭᠰᠡᠨ ᠴᠠᠭ᠄
2022/6/29
     6 ᠳ᠋ᠤᠭᠠᠷ ᠰᠠᠷ᠎ᠠ ᠶᠢᠨ 20 ᠤ ᠡᠳᠦᠷ᠂ ᠣᠷᠳᠣᠰ ᠬᠤᠲᠠ ᠳ᠋ᠦᠩ ᠵᠢᠶᠠᠩ᠂ ᠣᠷᠳᠣᠰ ᠬᠤᠲᠠ ᠶᠢᠨ ᠭᠦᠸᠧ ᠶᠣᠣ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠷᠳᠣᠰ ᠤᠨ 《 ᠢᠨᠲ᠋ᠧᠷ ᠰᠦᠯᠵᠢᠶ᠎ᠡ 》 ᠶᠢᠨ ᠣᠷᠣᠨ ᠪᠦᠰᠡ  ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠠᠮᠲᠤᠪᠠᠷ ᠭᠥᠷᠳᠡᠬᠦ ᠬᠤᠲᠠ ᠶᠢᠨ ᠲᠠᠰ ᠤᠨ ᠣᠯᠠᠨ ᠢᠶᠠᠷ ᠢᠶᠠᠨ ᠰᠢᠨ᠎ᠡ  ᠶᠢ ᠡᠭᠦᠳᠬᠦ 3 ᠣᠷᠣᠨ ᠵᠠᠶ ᠶᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠣᠷᠳᠣᠰ ᠬᠤᠲᠠ ᠶᠢᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠦᠶᠯᠡᠴᠢᠯᠡᠭᠡᠨ ᠤ ᠡᠩᠨᠡᠭᠡ ᠳᠤ ᠳᠠᠬᠢᠨᠲᠠ ᠰᠢᠨ᠎ᠡ ᠬᠦᠴᠦᠨ ᠨᠡᠮᠡᠷᠢᠯᠡᠪᠡ  ᠃      ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠷᠳᠣᠰ ᠬᠤᠲᠠ 《 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ 》 ᠢ ᠨᠡᠶᠢᠲᠡᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠶᠡᠬᠡᠪᠡᠷ ᠲᠡᠳᠬᠦᠨ ᠳᠡᠮᠵᠢᠵᠦ᠂ ᠨᠡᠪᠴᠢᠭᠦᠯᠬᠦ ᠠᠴᠢᠶᠠᠯᠠᠪᠤᠷᠢ ᠶᠢ ᠪᠣᠶᠢᠵᠢᠭᠤᠯᠤᠨ ᠪᠠᠶᠢᠭᠤᠯᠵᠤ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠣᠳᠣᠨ ᠢᠶᠠᠷ ᠠᠳᠠᠯ ᠦᠶᠯᠡᠰ ᠴᠣᠭᠴᠠᠯᠠᠬᠤ ᠣᠷᠣᠨ ᠵᠠᠶ ᠳᠤ ᠵᠡᠷᠭᠡ ᠳᠡᠰ ᠪᠠ ᠲᠥᠷᠥᠯ ᠬᠡᠯᠪᠡᠷᠢ ᠪᠠᠷ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠬᠤ ᠶᠢᠨ ᠬᠠᠮᠲᠤ᠂ ᠦᠶᠯᠡᠴᠢᠯᠡᠭᠡᠨ ᠤ ᠦᠷ᠎ᠡ ᠪᠦᠲᠦᠮᠵᠢ ᠶᠢ ᠦᠨᠳᠦᠰᠦᠯᠡᠨ ᠤᠯᠠᠮ ᠨᠢᠭᠡ ᠠᠯᠬᠤᠮ ᠵᠣᠭᠤᠰ ᠢᠶᠠᠷ ᠲᠤᠰᠠᠯᠠᠪᠠ  ᠃ 2021 ᠣᠨ ᠠᠴᠠ ᠨᠠᠰᠢ᠂ ᠣᠷᠳᠣᠰ ᠬᠤᠲᠠ ᠳᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠢᠶᠠᠷ ᠢᠶᠠᠨ ᠡᠭᠦᠳᠬᠦ ᠣᠷᠣᠨ ᠵᠠᠶ 1᠂ ᠬᠤᠲᠠ ᠶᠢᠨ ᠲᠠᠰ ᠤᠨ ᠣᠯᠠᠨ ᠢᠶᠠᠷ ᠢᠶᠠᠨ ᠡᠭᠦᠳᠬᠦ ᠣᠷᠣᠨ ᠵᠠᠶ 3 ᠰᠢᠨ᠎ᠡ ᠪᠠᠷ ᠨᠡᠮᠡᠭᠳᠡᠪᠡ  ᠃
 
ᠢᠷᠡᠯᠲᠡ᠄ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号