ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠳᠤᠮᠳᠠᠳᠤ ᠤᠯᠤᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠦᠵᠧᠦ ᠶᠢᠨ ᠠᠮᠢᠳᠤ ᠪᠣᠳᠠᠰ ᠤᠨ ᠠᠨᠠᠭᠠᠬᠤ ᠤᠬᠠᠭᠠᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠤ ᠪᠦᠯᠬᠦᠮ ᠲᠠᠢ ᠡᠮᠴᠢᠯᠡᠭᠡᠨ ᠤ ᠪᠠᠭᠠᠵᠢ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/29
      ᠪᠤᠭᠤᠲᠤ ᠬᠤᠲᠠ ᠶᠢᠨ ᠡᠮᠴᠢᠯᠡᠭᠡᠨ ᠤ ᠪᠠᠭᠠᠵᠢ ᠬᠡᠷᠡᠭᠰᠡᠯ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ ᠤᠨ ᠠᠮᠢ ᠠᠬᠤᠶ ᠶᠢᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠪᠥᠬᠦ ᠬᠤᠲᠠ ᠶᠢᠨ ᠡᠮᠨᠡᠯᠭᠡ ᠶᠢᠨ ᠬᠤᠷᠢᠶ᠎ᠠ᠂ ᠡᠮᠴᠢᠯᠡᠭᠡᠨ ᠤ ᠲᠥᠬᠦᠭᠡᠷᠦᠮᠵᠢ ᠦᠶᠯᠡᠳᠬᠦ ᠠᠵᠤ ᠠᠬᠤᠶᠢᠯᠠᠯ ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 23 ᠤ ᠡᠳᠦᠷ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠦᠵᠧᠦ ᠶᠢᠨ ᠠᠮᠢᠳᠤ ᠪᠣᠳᠠᠰ ᠤᠨ ᠠᠨᠠᠭᠠᠬᠤ ᠤᠬᠠᠭᠠᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ ᠤᠷᠢᠵᠤ ᠪᠤᠭᠤᠲᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢᠨ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠪᠤᠭᠤᠲᠤ ᠬᠤᠲᠠ ᠶᠢᠨ ᠡᠮᠴᠢᠯᠡᠭᠡᠨ ᠤ ᠪᠠᠭᠠᠵᠢ ᠬᠡᠷᠡᠭᠰᠡᠯ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ ᠤᠨ ᠬᠥᠭᠵᠢᠯᠲᠡ ᠶᠢ ᠬᠠᠮᠲᠤᠪᠠᠷ ᠵᠥᠪᠳᠡᠯᠴᠡᠪᠡ  ᠃      ᠠᠵᠢᠯᠯᠠᠭ᠎ᠠ ᠳᠤᠮᠳᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠦᠵᠧᠦ ᠶᠢᠨ ᠠᠮᠢᠳᠤ ᠪᠣᠳᠠᠰ ᠤᠨ ᠠᠨᠠᠭᠠᠬᠤ ᠤᠬᠠᠭᠠᠨ ᠤ ᠢᠨᠵᠧᠨᠧᠷᠢᠩ ᠤᠨ ᠮᠡᠷᠭᠡᠵᠢᠯ ᠰᠤᠳᠤᠯᠬᠤ ᠭᠠᠵᠠᠷ ᠤᠨ ᠣᠯᠠᠨ ᠲᠤᠰᠬᠠᠶ ᠮᠡᠷᠭᠡᠵᠢᠯᠲᠡᠨ ᠲᠣᠰ ᠲᠣᠰ ᠡᠮᠴᠢᠯᠡᠭᠡᠨ ᠳᠤ ᠬᠡᠷᠡᠭᠯᠡᠬᠦ ᠬᠡᠷᠡᠯ ᠤᠨ ᠤᠬᠠᠭᠠᠨ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠠᠨᠠᠭᠠᠬᠤ ᠤᠬᠠᠭᠠᠨ ᠤ ᠵᠢᠷᠤᠭ ᠳᠦᠷᠰᠦ᠂ ᠡᠮᠴᠢᠯᠡᠭᠡᠨ ᠳᠤ ᠬᠡᠷᠡᠭᠯᠡᠬᠦ ᠡᠯᠧᠺᠲᠷᠣᠨ᠂ ᠡᠮᠴᠢᠯᠡᠭᠡᠨ  ᠳᠤ ᠬᠡᠷᠡᠭᠯᠡᠬᠦ ᠲᠠᠭᠤᠨ ᠤ ᠤᠬᠠᠭᠠᠨ ᠪᠠ ᠡᠷᠡᠭᠦᠯᠵᠢᠯ ᠤᠨ ᠢᠨᠵᠧᠨᠧᠷᠢᠩ ᠵᠡᠷᠭᠡ ᠬᠤᠰᠢᠭᠤᠴᠢ ᠲᠡᠷᠢᠭᠦᠨ ᠤ ᠮᠡᠷᠭᠡᠵᠢᠯ  ᠢ ᠨᠠᠷᠢᠨ ᠲᠠᠨᠢᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠦᠷ᠎ᠡ ᠪᠦᠲᠦᠭᠡᠯ ᠢ ᠣᠨᠳᠣᠤᠰᠢᠭᠤᠯᠬᠤ ᠵᠠᠭᠪᠤᠷ ᠪᠠ ᠬᠠᠮᠢᠶ᠎ᠠ ᠪᠥᠬᠦᠶ ᠬᠡᠷᠡᠭ ᠤᠨ ᠵᠢᠱᠢᠶ᠎ᠡ ᠳᠤ ᠲᠤᠬᠠᠶ ᠶᠢᠨ ᠲᠠᠯᠠᠪᠠᠶ ᠶᠢᠨ ᠵᠠᠳᠠᠯᠤᠯᠲᠠ ᠬᠢᠭᠰᠡᠨ ᠪᠥᠭᠡᠳ ᠪᠤᠭᠤᠲᠤ ᠬᠤᠲᠠ ᠶᠢᠨ ᠢᠷᠡᠭᠡᠳᠦᠶ ᠶᠢᠨ ᠡᠮᠴᠢᠯᠡᠭᠡᠨ ᠤ ᠦᠶᠯᠡᠴᠢᠯᠡᠭᠡ ᠪᠠ ᠲᠥᠬᠦᠭᠡᠷᠦᠮᠵᠢ ᠦᠶᠯᠡᠳᠬᠦ ᠬᠥᠭᠵᠢᠯᠲᠡ ᠶᠢᠨ ᠲᠤᠬᠠᠶ ᠬᠠᠮᠲᠤᠷᠠᠯᠴᠠᠭᠠᠨ ᠤ ᠲᠥᠰᠦᠪᠯᠡᠯ ᠳᠤᠷᠠᠳᠴᠠᠶ︔ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠪᠥᠬᠦ ᠬᠤᠲᠠ ᠶᠢᠨ ᠡᠮᠴᠢᠯᠡᠭᠡᠨ ᠤ ᠪᠠᠭᠠᠵᠢ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ ᠤᠨ ᠪᠠᠶᠢᠷᠢᠰᠢᠭᠤᠯᠤᠯᠲᠠ ᠶᠢᠨ ᠣᠳᠣᠬᠢ ᠪᠠᠶᠢᠳᠠᠯ ᠵᠢᠴᠢ ᠬᠥᠭᠵᠢᠯᠲᠡ  ᠶᠢᠨ ᠬᠠᠨᠳᠤᠰᠢ ᠳᠤ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠣᠰ ᠪᠡᠶ᠎ᠡ ᠶᠢᠨ ᠬᠡᠷᠡᠭᠴᠡᠭᠡ ᠱᠠᠭᠠᠷᠳᠠᠯᠭ᠎ᠠ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠬᠥᠭᠵᠢᠯᠲᠡ ᠶᠢᠨ ᠠᠯᠤᠰ ᠬᠡᠲᠦ ᠶᠢᠨ ᠲᠥᠯᠥᠪ ᠲᠠᠢ ᠤᠶᠠᠯᠳᠤᠭᠤᠯᠤᠨ ᠲᠤᠰᠬᠠᠶ ᠮᠡᠷᠭᠡᠵᠢᠯᠲᠡᠨ ᠤ ᠪᠦᠯᠬᠦᠮ ᠲᠠᠢ ᠭᠦᠨᠵᠡᠭᠡᠶ ᠨᠠᠷᠢᠯᠢᠭ ᠬᠥᠳᠡᠯᠦᠯᠴᠡᠪᠡ︔ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠨᠡᠶᠢᠯᠡᠯ ᠴᠡᠭ ᠢ ᠢᠳᠡᠪᠬᠢᠲᠡᠶ ᠡᠷᠢᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ᠂ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠲᠥᠷᠥᠯ ᠵᠦᠢᠯ ᠢ ᠳᠠᠭᠠᠭᠠᠴᠢᠯᠠᠨ ᠨᠠᠶᠢᠳᠠᠪᠤᠷᠢᠵᠢᠭᠤᠯᠬᠤ᠂ ᠡᠮᠴᠢᠯᠡᠭᠡᠨ ᠤ ᠮᠡᠷᠭᠡᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠠᠴᠢᠶᠠᠯᠠᠵᠤ ᠪᠠᠶᠢᠭᠤᠯᠬᠤ ᠵᠡᠷᠭᠡ ᠠᠰᠠᠭᠤᠳᠠᠯ ᠤᠨ ᠲᠤᠬᠠᠶ ᠬᠠᠯᠠᠭᠤᠨ ᠢᠶᠠᠷ ᠶᠠᠷᠢᠯᠴᠠᠭᠰᠠᠨ ᠪᠥᠭᠡᠳ ᠭᠦᠨᠵᠡᠭᠡᠶ ᠬᠠᠮᠲᠤᠷᠠᠯᠴᠠᠬᠤ ᠲᠤᠬᠠᠶ ᠨᠡᠶᠢᠳᠡᠮ ᠤᠨ ᠬᠠᠮᠲᠤ ᠶᠢᠨ ᠲᠠᠨᠢᠯᠲᠠ ᠲᠠᠢ ᠪᠣᠯᠵᠠᠶ  ᠃      ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠦᠷᠭᠦᠯᠵᠢᠯᠡᠨ ᠪᠥᠬᠦ ᠬᠤᠲᠠ ᠶᠢᠨ ᠡᠮᠴᠢᠯᠡᠭᠡᠨ ᠤ ᠪᠠᠭᠠᠵᠢ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠬᠠᠮᠢᠶ᠎ᠠ ᠪᠥᠬᠦᠶ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠲᠣᠯᠣᠭᠠᠶ ᠶᠢᠨ ᠬᠡᠰᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠶᠢ ᠠᠬᠢᠭᠤᠯᠵᠤ᠂ ᠨᠠᠩ ᠣᠯᠠᠨ ᠭᠠᠵᠠᠷ ᠤᠨ ᠴᠢᠨᠠᠷ ᠰᠠᠶᠢᠲᠠᠶ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠤᠭᠤᠲᠤ ᠳᠤ ᠰᠢᠯᠵᠢᠭᠦᠯᠬᠦ᠂ ᠬᠤᠪᠢᠷᠠᠭᠤᠯᠬᠤ ᠪᠠ ᠠᠵᠤ ᠦᠶᠢᠯᠡᠰᠵᠢᠭᠦᠯᠬᠦ ᠶᠢ ᠠᠬᠢᠭᠤᠯᠵᠤ᠂ ᠪᠤᠭᠤᠲᠤ ᠬᠤᠲᠠ ᠶᠢᠨ ᠡᠮᠴᠢᠯᠡᠭᠡᠨ ᠤ ᠪᠠᠭᠠᠵᠢ ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ  ᠃     ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠣᠪᠴᠢᠶ᠎ᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠲᠠᠰᠤᠭ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠢᠴᠢ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠤᠲᠠ ᠶᠢᠨ ᠭᠤᠤᠯ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠵᠢᠴᠢ ᠪᠥᠬᠦ ᠬᠤᠲᠠ ᠶᠢᠨ ᠡᠮᠴᠢᠯᠡᠭᠡᠨ ᠤ ᠪᠠᠭᠠᠵᠢ ᠬᠡᠷᠡᠭᠰᠡᠯ ᠦᠶᠯᠡᠳᠬᠦ ᠠᠵᠤ ᠦᠶᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ  ᠃
 
ᠢᠷᠡᠯᠲᠡ᠄ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号