ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠳᠠᠶᠢᠴᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/6/30
      ᠶᠡᠷᠦᠩᠬᠡᠶ ᠱᠦᠵᠢ ᠰᠢ ᠶᠢᠨ ᠫᠢᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ  ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠸᠢᠳᠢᠣ᠋ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠡᠪᠴᠢᠶᠡᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠳᠠᠶᠢᠴᠢᠯᠠᠨ ᠪᠠᠶᠢᠷᠢᠯᠠᠭᠤᠯᠪᠠ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ  ᠤᠨ ᠳᠠᠷᠤᠭ᠎ᠠ ᠬᠤᠸᠠᠩ ᠶᠠᠨ ᠪᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ  ᠃       ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠪᠠᠶᠢᠷᠢᠯᠠᠭᠤᠯᠬᠤ ᠣᠷᠣᠨ ᠨᠤᠲᠤᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠤᠯᠤᠰ  ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠤᠨ ᠶᠡᠷᠦᠩᠬᠡᠶ ᠲᠣᠬᠢᠷᠠᠭᠤᠯᠤᠯᠲᠠ ᠳᠤ ᠲᠣᠳᠣᠷᠬᠠᠶᠢᠯᠠᠯᠲᠠ ᠬᠢᠪᠠ  ᠃       ᠬᠤᠷᠠᠯ ᠠᠴᠠ ᠲᠣᠳᠣᠷᠬᠠᠶ <︔>︔  ᠃ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ <︔>ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠬᠦ ᠠᠵᠢᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ <︔>ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠲᠦᠰᠢᠭᠯᠡᠨ᠂ ᠲᠤᠰ <︔>ᠬᠤᠭᠤᠴᠠᠭᠠᠨ ᠤ ᠶᠡᠭᠡ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠ ᠥᠩᠭᠡᠷᠡᠭᠰᠡᠨ ᠬᠤᠭᠤᠴᠠᠭᠠᠨ ᠤ <︔>ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ( ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ <︔>ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠵᠢᠯ ᠣᠯᠤᠭᠠᠳᠤᠶ ᠭᠡᠷ ᠪᠦᠯᠢ <︔>ᠵᠢᠴᠢ ᠵᠡᠮᠳᠡᠭ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠣᠯᠤᠭᠠᠳᠤᠶ ᠥᠩᠭᠡᠷᠡᠭᠰᠡᠨ ᠬᠤᠭᠤᠴᠠᠭᠠᠨ ᠤ ᠳᠡᠭᠡᠳᠦ <︔>ᠰᠤᠷᠭᠠᠭᠤᠯᠢ ᠲᠡᠭᠦᠰᠦᠭᠰᠡᠳ ) ᠬᠤᠶᠠᠷ ᠠᠵᠢᠯ ᠤᠨ ᠭᠤᠣᠯᠳᠠᠯᠭ᠎ᠠ ᠶᠢ ᠨᠢᠭᠡᠳᠦᠯᠲᠡᠶ ᠲᠥᠯᠥᠪᠯᠡᠭᠰᠡᠨ ᠰᠠᠭᠤᠷᠢᠨ <︔>ᠳᠡᠭᠡᠷ᠎ᠡ᠂ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠲᠦᠯᠬᠢᠨ ᠠᠬᠢᠭᠤᠯᠤᠨ᠎ᠠ  ᠃ ᠨᠢᠭᠡ ᠳᠤ <︔>ᠰᠢᠨᠵᠢᠯᠡᠬᠦ ᠤᠬᠠᠭᠠᠨ ᠤ ᠰᠤᠳᠤᠯᠤᠯ ᠤᠨ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠡᠯ᠎ᠡ <︔>ᠭᠠᠵᠠᠷ ᠤᠨ ᠭᠤᠶᠤᠴᠢᠯᠠᠨ ᠮᠡᠳᠡᠭᠦᠯᠬᠦ ᠪᠠ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠡᠯ᠎ᠡ ᠱᠠᠲᠤᠨ ᠤ ᠡᠯ᠎ᠡ <︔>ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠦᠨᠡᠯᠡᠬᠦ ᠶᠢᠨ ᠴᠢᠬᠤᠯᠠ <︔>ᠨᠥᠬᠦᠴᠡᠯ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠤᠰᠠᠯᠠᠭᠴᠢ ᠶᠢᠨ ᠠᠵᠢᠯ ᠤᠨ ᠪᠠᠶᠢᠷᠢ ᠶᠢᠨ <︔>ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠬᠤᠶᠠᠷ ᠲᠤ᠂ ᠡᠯ᠎ᠡ ᠤᠯᠤᠰ ᠤᠨ ᠳᠡᠭᠡᠳᠦ ᠰᠢᠨ᠎ᠡ ᠮᠡᠷᠭᠡᠵᠢᠯ <︔> ᠤᠨ ᠲᠣᠭᠤᠷᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠡᠭᠦᠷᠭᠡᠯᠡᠵᠦ ᠪᠠᠶᠢᠭ᠎ᠠ <︔>ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠡᠭᠦᠷᠭᠡ <︔>ᠬᠠᠷᠢᠭᠤᠴᠠᠯᠭ᠎ᠠ ᠶᠣᠰᠣᠭᠠᠷ ᠠᠵᠢᠯᠲᠠᠨ ᠡᠯᠰᠡᠬᠦ ᠲᠥᠯᠥᠪᠯᠡᠭᠡ ᠲᠣᠭᠲᠠᠭᠠᠵᠤ᠂ ᠠᠵᠢᠯᠲᠠᠨ ᠡᠯᠰᠡᠬᠦ ᠮᠡᠳᠡᠭᠡ ᠵᠠᠩᠭᠢ <︔> ᠪᠠᠨ ᠴᠠᠭ ᠲᠤᠬᠠᠶ ᠳᠤᠨᠢ ᠨᠡᠶᠢᠲᠡᠯᠡᠬᠦ ᠶᠢ ᠱᠠᠭᠠᠷᠳᠠᠪᠠ︔ ᠭᠤᠷᠪᠠ ᠳᠤ᠂ ᠠᠵᠢᠯᠲᠠᠨ ᠡᠯᠰᠡᠬᠦ ᠨᠢᠭᠡᠴᠡ ᠶᠢ ᠬᠠᠮᠢᠶ᠎ᠠ <︔>ᠪᠥᠬᠦᠶ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ <︔>ᠲᠤᠰᠠᠯᠠᠭᠴᠢ ᠶᠢᠨ ᠰᠠᠨᠠᠭᠠᠰᠢᠷᠠᠯ ᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ︔ ᠳᠥᠷᠪᠡ ᠳᠤ᠂ ᠵᠢᠷᠤᠭ ᠡᠯᠭᠦᠨ <︔>ᠪᠠᠶᠢᠯᠳᠤᠵᠤ᠂ ᠴᠠᠭ ᠢ ᠲᠣᠩᠭᠤᠷᠠᠭᠤᠯᠤᠨ ᠵᠢᠭᠰᠠᠭᠠᠵᠤ᠂ ᠡᠭᠦᠷᠭᠡ ᠶᠢᠨ ᠭᠦᠶᠴᠡᠳᠬᠡᠯ ᠲᠤᠭ᠎ᠠ ᠶᠢ ᠲᠣᠭᠲᠠᠭᠰᠠᠨ <︔>ᠬᠤᠭᠤᠴᠠᠭᠠᠨ ᠳᠤ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ  ᠃ <︔>       ᠬᠤᠷᠠᠯ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠠᠵᠢᠯ ᠤᠨ ᠪᠠᠶᠢᠷᠢ ᠶᠢ ᠨᠡᠭᠡᠭᠡᠨ <︔>ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠤᠯᠤᠰ ᠲᠦᠷᠦ ᠶᠢᠨ ᠳᠡᠭᠡᠳᠦ ᠬᠡᠮᠵᠢᠶᠡᠨ ᠠᠴᠠ ᠭᠦᠢᠴᠡᠳ <︔>ᠲᠠᠨᠢᠵᠤ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ ᠨᠢᠭᠡ <︔>ᠠᠯᠬᠤᠮ ᠴᠢᠩᠭᠠᠳᠬᠠᠬᠤ ᠬᠡᠷᠡᠭᠲᠡᠢ  ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠷᠭ᠎ᠠ <︔>ᠪᠦᠬᠦᠨ ᠢ ᠰᠦᠪᠡᠭᠴᠢᠯᠡᠨ ᠡᠬᠢ ᠪᠠᠶᠠᠯᠢᠭ ᠢ ᠠᠭᠤᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠦᠷ᠎ᠡ ᠪᠦᠲᠦᠮᠵᠢ ᠶᠢ <︔>ᠳᠡᠭᠡᠭᠰᠢᠯᠡᠭᠦᠯᠵᠦ᠂ ᠠᠵᠢᠯ ᠤᠨ ᠪᠠᠶᠢᠷᠢ ᠨᠢᠭᠡᠪᠦᠷᠢ ᠶᠢ ᠨᠡᠭᠡᠭᠡᠨ ᠬᠥᠭᠵᠢᠭᠦᠯᠵᠦ᠂ ᠠᠵᠢᠯ ᠤᠨ ᠪᠠᠶᠢᠷᠢ ᠨᠢᠭᠡᠪᠦᠷᠢ ᠶᠢ <︔>ᠴᠥᠮ ᠬᠥᠮᠦᠨ ᠪᠣᠯᠭᠠᠬᠤ ᠶᠢ ᠪᠠᠲᠤᠯᠠᠬᠤ ᠬᠡᠷᠡᠭᠲᠡᠢ  ᠃ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ <︔>ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠲᠤᠯᠭᠠᠭᠤᠷᠢᠯᠠᠬᠤ ᠪᠠᠲᠤᠯᠠᠭ᠎ᠠ <︔> ᠶᠢᠨ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢ ᠲᠤᠬᠢᠷᠠᠭᠤᠯᠬᠤ ᠪᠠ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ <︔>ᠴᠢᠩᠭᠠᠷᠠᠭᠤᠯᠬᠤ ᠬᠡᠷᠡᠭᠲᠡᠢ  ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ <︔>ᠡᠩᠨᠡᠭᠡᠨ ᠤ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ <︔>ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠯ ᠪᠣᠯᠤᠨ ᠠᠵᠢᠯ <︔>ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢ <︔>ᠪᠠᠶᠢᠭᠤᠯᠤᠨ ᠪᠦᠷᠢᠨᠰᠢᠬᠦᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠴᠢᠳᠠᠪᠤᠷᠢ ᠶᠢᠨ <︔>ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠰᠦᠨ ᠪᠣᠶᠢᠵᠢᠬᠤ ᠣᠷᠣᠨ ᠵᠠᠢ ᠶᠢ <︔>ᠥᠷᠭᠡᠳᠬᠡᠬᠦ ᠬᠡᠷᠡᠭᠲᠡᠢ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ <︔>ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠵᠣᠬᠢᠴᠠᠯᠳᠤᠨ ᠬᠠᠮᠵᠢᠯᠴᠠᠬᠤ ᠶᠢ ᠴᠢᠩᠭᠠᠷᠠᠭᠤᠯᠤᠨ᠂ <︔>ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ <︔>ᠨᠢᠭᠡ ᠴᠣᠭᠴᠠᠵᠢᠭᠤᠯᠤᠨ ᠠᠬᠢᠭᠤᠯᠤᠨ᠎ᠠ  ᠃ <︔>      ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ <︔>ᠪᠤᠭᠤᠲᠤ ᠶᠢᠨ ᠬᠤᠪᠣᠷ ᠰᠢᠷᠣᠶ ᠶᠢᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠥᠪᠥᠷ ᠮᠣᠩᠭᠤᠯ <︔> ᠤᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ <︔> ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠪᠠ ᠣᠪᠣᠷ ᠢᠶᠠᠨ ᠢᠯᠡᠳᠬᠡᠬᠦ <︔>ᠦᠭᠡ ᠬᠡᠯᠡᠪᠡ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠬᠠᠮᠢᠶ᠎ᠠ <︔>ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ <︔>ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ <︔> ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠳ᠋ ᠬᠥᠷᠥᠩᠭᠡ ᠶᠢᠨ ᠵᠥᠪᠯᠡᠯ᠂ <︔>ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ <︔>ᠣᠷᠣᠯᠴᠠᠪᠠ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ <︔>ᠠᠵᠤ ᠦᠶᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ <︔>ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠤᠯᠤᠰ ᠪᠠ ᠥᠪᠡᠷᠲᠡᠭᠡᠨ ᠵᠠᠰᠠᠬᠤ <︔>ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ <︔>ᠲᠥᠯᠥᠪᠯᠡᠭᠡ᠂ ᠰᠠᠭᠤᠷᠢ ᠮᠥᠩᠭᠦ ) ᠶᠢᠨ ᠡᠷᠳᠡᠮ ᠰᠢᠨᠵᠢᠯᠡᠭᠡᠨ ᠤ ᠲᠥᠷᠥᠯ ᠵᠦᠶᠯ ᠢ ᠳᠠᠭᠠᠭᠠᠨ ᠡᠭᠦᠷᠭᠡᠯᠡᠭᠰᠡᠨ <︔>ᠨᠢᠭᠡᠴᠡ᠂ ᠬᠤᠯᠪᠣᠭᠳᠠᠯ ᠪᠦᠬᠦᠢ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ᠂ ᠥᠪᠥᠷ ᠮᠣᠩᠭᠤᠯ ᠤᠨ <︔>ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ <︔>ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ <︔>ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ <︔>ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ <︔>ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ <︔>ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠣᠢ ᠰᠢᠭᠤᠶ <︔> ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠰᠦᠯᠵᠢᠶᠡᠨ <︔>ᠳᠡᠭᠡᠷ᠎ᠡ ᠬᠤᠷᠠᠯ ᠳᠤ ᠣᠷᠣᠯᠴᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号