ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠄ ᠨᠠᠶᠮᠠᠨ ᠲᠠᠯ᠎ᠠ ᠪᠠᠷ ᠬᠦᠴᠦᠯᠡᠵᠦ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2022/7/1
     ᠠᠵᠤ ᠠᠬᠤᠢ ᠶᠢᠨ ᠶᠡᠭᠡ ᠲᠠᠯ᠎ᠠ ᠲᠣᠭᠲᠠᠭᠤᠨ ᠪᠠᠶᠢᠬᠤ ᠡᠰᠡᠬᠦ ᠶᠢᠨ ᠵᠠᠩᠭᠢᠯᠠᠭ᠎ᠠ ᠨᠢ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠲᠠᠭᠤᠨ ᠪᠠᠶᠢᠬᠤ ᠡᠰᠡᠬᠦ ᠶᠢ ᠦᠵᠡᠨ᠎ᠡ  ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ 〈 ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ 〉 ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ 》 ᠤᠨ ᠵᠣᠷᠢᠭ ᠰᠠᠨᠠᠭ᠎ᠠ ᠶᠢ ᠦᠨᠳᠦᠰᠦᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠳᠤ ᠬᠦᠴᠦᠨ ᠨᠡᠮᠡᠷᠢᠯᠡᠬᠦ ᠦᠶᠯᠡᠳᠦᠯ ᠢ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶ ᠶᠢᠨ ᠶᠡᠭᠡ ᠲᠠᠯ᠎ᠠ ᠶᠢᠨ ᠨᠠᠶᠮᠠᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ  ᠳᠤ ᠬᠦᠴᠦᠨ ᠨᠡᠮᠡᠷᠢᠯᠡᠬᠦ ᠲᠤᠬᠠᠶ ᠮᠡᠳᠡᠭᠳᠡᠯ 》 ᠢ ᠳᠠᠷᠤᠮᠠᠯᠯᠠᠨ ᠲᠠᠷᠬᠠᠭᠠᠪᠠ  ᠃      ᠲᠣᠰ ᠤᠳᠠᠭ᠎ᠠ ᠨᠡᠶᠢᠲᠡᠯᠡᠭᠰᠡᠨ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶ ᠶᠢᠨ ᠶᠡᠭᠡ ᠲᠠᠯ᠎ᠠ ᠶᠢᠨ ᠨᠠᠶᠮᠠᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ 》 ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠥᠷᠥ ᠶᠢᠨ ᠪᠣᠳᠣᠯᠭ᠎ᠠ ᠶᠢ ᠡᠷᠴᠢᠮᠵᠢᠭᠦᠯᠦᠨ ᠡᠮᠬᠢᠯᠡᠨ ᠪᠣᠯᠪᠠᠰᠤᠷᠠᠭᠤᠯᠵᠤ᠂ 《 ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ 》 ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠦᠶᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ  ᠶᠢ ᠠᠬᠢᠭᠤᠯᠬᠤ ᠶᠢᠨ ᠲᠥᠯᠥᠭᠡ ᠶᠤᠮ  ᠃     《 ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶ ᠶᠢᠨ ᠶᠡᠭᠡ ᠲᠠᠯ᠎ᠠ ᠶᠢᠨ ᠨᠠᠶᠮᠠᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ 》 ᠳᠤ 4 ᠳᠠᠪᠬᠤᠷᠭ᠎ᠠ ᠶᠢ ᠪᠠᠭᠲᠠᠭᠠᠪᠠ᠄      ᠨᠢᠭᠡ ᠳᠤ ᠰᠤᠳᠤᠯᠤᠨ ᠨᠡᠭᠡᠭᠡᠬᠦ ᠵᠠᠷᠤᠳᠠᠯ ᠢ ᠨᠠᠮᠠᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠠᠵᠤ ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠣᠷᠣᠭᠤᠯᠤᠨ᠎ᠠ  ᠃     ᠬᠤᠶᠠᠷ ᠲᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠳᠤ ᠡᠳ᠋ ᠤᠨ ᠵᠠᠰᠠᠭ ᠤᠨ ᠳᠠᠷᠠᠭᠠᠬᠢ ᠨᠥᠬᠦᠪᠥᠷᠢ ᠥᠭᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠱᠠᠩᠨᠠᠯ ᠨᠥᠬᠦᠪᠥᠷᠢ ᠥᠭᠬᠦ᠂ ᠮᠡᠷᠭᠡᠵᠢᠯ ᠢ ᠰᠢᠯᠵᠢᠭᠦᠯᠦᠨ ᠥᠭᠭᠦᠭᠰᠡᠨ ᠤ ᠳᠠᠷᠠᠭᠠᠬᠢ ᠨᠥᠬᠦᠪᠥᠷᠢ ᠥᠭᠬᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠰᠠᠭᠤᠷᠢᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠨᠥᠬᠦᠪᠥᠷᠢ ᠥᠭᠬᠦ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ  ᠃         ᠭᠤᠷᠪᠠ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠤᠨ ᠵᠠᠷᠤᠳᠠᠯ ᠢ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠠᠲᠤᠯᠠᠭ᠎ᠠ ᠬᠠᠩᠭᠠᠨ᠎ᠠ  ᠃       ᠳᠥᠷᠪᠡ ᠳᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠳᠤ ᠲᠦᠰᠢᠭᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ  ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠪᠠ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠠᠩᠭᠠᠨ᠎ᠠ  ᠃      
                   
            ᠤᠷᠲᠤ ᠨᠢ ᠢᠯᠭᠠᠨ ᠲᠠᠨᠢᠬᠤ ᠬᠤᠶᠠᠷ ᠬᠡᠮᠵᠢᠯᠳᠦ ᠲᠡᠮᠳᠡᠭ ᠢᠶᠠᠷ᠂          《 ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶ ᠶᠢᠨ ᠶᠡᠭᠡ ᠲᠠᠯ᠎ᠠ ᠶᠢᠨ ᠨᠠᠶᠮᠠᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠲᠤᠬᠠᠶ ᠮᠡᠳᠡᠭᠳᠡᠯ 》  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号