ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠣᠬᠢᠷᠲᠤᠯ ᠦᠭᠡᠢ ᠬᠥᠭᠵᠢᠯᠲᠡ ᠶᠢ ᠬᠦᠲᠦᠯᠦᠨ ᠳᠠᠭᠠᠭᠤᠯᠵᠤ ᠠᠯᠠᠱᠠ ᠶᠢᠨ ᠳᠡᠭᠡᠳᠦ ᠰᠢᠨ᠎ᠡ ᠲᠣᠭᠤᠷᠢᠭ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠨᠡᠪᠴᠢᠭᠦᠯᠬᠦ ᠲᠥᠪ ᠵᠢᠩᠬᠢᠨᠢ ᠪᠠᠷ ᠡᠷᠦᠬᠡ ᠪᠠᠨ ᠰᠡᠬᠦᠪᠡ
ᠨᠡᠶᠢᠲᠡᠯᠡᠭᠰᠡᠨ ᠴᠠᠭ᠄
2022/7/5
    ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠶᠢᠨ ᠲᠤᠰᠠᠳᠠ  ᠃ 6 ᠳ᠋ᠤᠭᠠᠷ ᠰᠠᠷ᠎ᠠ ᠶᠢᠨ 30 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠭᠰᠢ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠬᠠᠮᠲᠤᠷᠠᠨ ᠳᠠᠭᠠᠭᠠᠨ ᠡᠷᠭᠢᠯᠡᠭᠰᠡᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠨᠡᠪᠴᠢᠭᠦᠯᠬᠦ ᠲᠥᠪ ᠤᠨ ᠨᠡᠭᠡᠭᠡᠯᠲᠡ ᠶᠢᠨ ᠶᠣᠰᠣᠯᠠᠯ ᠠᠮᠵᠢᠯᠲᠠ ᠲᠠᠢ ᠶᠠᠪᠤᠭᠳᠠᠪᠠ  ᠃ ᠠᠯᠠᠱᠠ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠦᠳᠧ᠂ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠶᠢᠨ ᠳᠠᠷᠤᠭ᠎ᠠ ᠯᠢᠦᠶ ᠷᠦᠢ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠼᠦᠨ ᠭᠤᠸᠠᠩ᠂ ᠭᠠᠭ᠋ᠠᠶ ᠨᠠᠶᠮᠠᠨ ᠴᠡᠭᠡᠷ ᠤᠨ ᠰᠦᠯᠵᠢᠶ᠎ᠡ ᠶᠢᠨ ᠳᠡᠳ᠋ ᠶᠡᠷᠦᠩᠬᠡᠶ ᠵᠠᠬᠢᠷᠤᠯ᠂ ᠨᠠᠶᠮᠠᠨ ᠴᠡᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶ ᠳᠠᠭᠠᠭᠠᠮᠠᠯ ᠰᠢᠶᠠᠩ ᠳ᠋ᠦᠩ᠂ ᠬᠤᠷᠢᠨ ᠨᠢᠭᠡᠳᠦᠭᠡᠷ ᠵᠠᠭᠤᠨ ᠤ ᠰᠢᠨ᠎ᠡ ᠶᠢ ᠡᠭᠦᠳᠬᠦ ( ᠪᠡᠭᠡᠵᠢᠩ ) ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠱᠢ ᠲᠤᠤ᠂ ᠪᠡᠭᠡᠵᠢᠩ ᠤᠨ ᠪᠠᠭᠰᠢ  ᠶᠢᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠤᠨ ᠭᠦᠶᠴᠡᠳᠬᠡᠬᠦ ᠡᠷᠬᠢᠯᠡᠭᠴᠢ᠂ ᠤᠯᠤᠰ ᠤᠨ ᠨᠡᠭᠦᠷᠡᠰᠦᠨ ᠣᠷᠭᠢᠯ ᠨᠡᠭᠦᠷᠡᠰᠦᠲᠥ᠋ᠷᠥᠭᠴᠢ ᠶᠢᠨ ᠳᠤᠮᠳᠠ ᠪᠠ ᠪᠠᠷᠢᠮᠵᠢᠶᠠᠵᠢᠭᠤᠯᠤᠯᠲᠠ ᠶᠢᠨ ᠶᠡᠷᠦᠩᠬᠡᠶ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠵᠠᠩ ᠵᠢᠦ ᠲᠢᠶᠠᠨ᠂ ᠭᠠᠭ᠋ᠠᠶ ᠨᠠᠶᠮᠠᠨ ᠴᠡᠭᠡᠷ ᠤᠨ ᠰᠦᠯᠵᠢᠶ᠎ᠡ ᠶᠢᠨ ᠳᠡᠳ᠋ ᠶᠡᠷᠦᠩᠬᠡᠶ ᠵᠠᠬᠢᠷᠤᠯ᠂ ᠨᠠᠶᠮᠠᠨ ᠴᠡᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠶᠡᠷᠦᠩᠬᠡᠶ ᠳᠠᠭᠠᠭᠠᠮᠠᠯ ᠰᠢᠶᠠᠩ ᠳ᠋ᠦᠩ ᠵᠡᠷᠭᠡ ᠤᠳᠤᠷᠢᠳᠬᠤ ᠲᠤᠰᠬᠠᠶ ᠮᠡᠷᠭᠡᠵᠢᠯᠲᠡᠨ ᠬᠤᠷᠠᠯ ᠳᠤ ᠣᠷᠣᠯᠴᠠᠪᠠ  ᠃ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠡᠯ᠎ᠡ ᠲᠥᠷᠥᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠵᠠᠭᠤ ᠰᠢᠬᠠᠮ ᠬᠥᠮᠦᠨ ᠬᠦᠷᠢᠶᠡᠯᠡᠩ ᠨᠡᠭᠡᠭᠡᠬᠦ ᠶᠣᠰᠣᠯᠠᠯ ᠳᠤ ᠣᠷᠣᠯᠴᠠᠪᠠ  ᠃      ᠴᠡᠴᠡᠷᠯᠢᠭ ᠨᠡᠭᠡᠭᠡᠬᠦ ᠶᠣᠰᠣᠯᠠᠯ ᠳᠡᠭᠡᠷ᠎ᠡ᠂ ᠯᠢᠦ ᠳ᠋ᠧ ᠣᠷᠣᠯᠴᠠᠭᠰᠠᠨ ᠲᠤᠰᠬᠠᠢ ᠮᠡᠷᠭᠡᠵᠢᠯᠲᠡᠨ ᠲᠠᠢ ᠬᠠᠮᠲᠤᠪᠠᠷ ᠡᠬᠢᠯᠡᠯᠲᠡ ᠶᠢᠨ ᠳᠠᠷᠤᠪᠴᠢ ᠶᠢ ᠳᠠᠷᠤᠪᠠ  ᠃ ᠢᠩᠭᠢᠭᠡᠳ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠨᠡᠪᠴᠢᠭᠦᠯᠬᠦ ᠲᠥᠪ ᠵᠢᠩᠬᠢᠨᠢ ᠪᠠᠷ ᠡᠷᠦᠬᠡ ᠪᠠᠨ ᠰᠡᠬᠦᠪᠡ᠂ ᠡᠨᠡ ᠨᠢ ᠠᠯᠠᠱᠠ ᠠᠶᠢᠮᠠᠭ ᠤᠨ ᠵᠠᠬᠢᠷᠭ᠎ᠠ᠂ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠨ ᠭᠠᠭ᠋ᠠᠶ ᠪᠠᠭᠰᠢ ᠲᠠᠢ ᠬᠠᠮᠲᠤᠷᠠᠨ ᠪᠠᠶᠢᠭᠤᠯᠤᠭᠰᠠᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠨᠡᠪᠴᠢᠭᠦᠯᠬᠦ ᠲᠥᠪ ᠵᠢᠴᠢ ᠬᠠᠮᠲᠤ ᠪᠠᠷ ᠪᠠᠶᠢᠭᠤᠯᠤᠭᠰᠠᠨ ᠠᠯᠠᠱᠠ  ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠦᠶᠯᠡᠴᠢᠯᠡᠭᠡᠨ ᠤ ᠲᠠᠪᠴᠠᠩ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ  ᠃      ᠠᠯᠠᠱᠠ ᠠᠶᠢᠮᠠᠭ ᠲᠠᠪᠴᠠᠩ ᠤᠨ ᠪᠠᠶᠢᠭᠤᠯᠤᠯᠲᠠ ᠪᠠᠷ ᠴᠢᠳᠠᠪᠤᠷᠢᠲᠠᠨ ᠢ ᠴᠤᠭᠯᠠᠭᠤᠯᠵᠤ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠤᠳᠤᠯᠤᠨ ᠨᠡᠭᠡᠭᠡᠯᠳᠡ ᠶᠢ ᠥᠷᠨᠢᠭᠦᠯᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠵᠦ᠂ ᠠᠯᠠᠱᠠ ᠶᠢᠨ ᠠᠵᠤ ᠠᠬᠤᠶᠢᠯᠠᠯ ᠳᠤ ᠨᠢᠭᠡ ᠦᠷᠳᠡᠭᠡᠴᠢᠯᠡᠭᠰᠡᠨ ᠮᠠᠶ᠋ᠢᠭ ᠤᠨ ᠰᠢᠨ᠎ᠡ ᠶᠢ ᠡᠭᠦᠳᠬᠦ ᠦᠢᠯᠡᠴᠢᠯᠡᠭᠡ ᠬᠠᠩᠭᠠᠵᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠲᠡᠰ ᠳᠡᠪᠰᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ  ᠃
 
ᠢᠷᠡᠯᠲᠡ᠄ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号