ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠪᠠ᠄ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ 2022 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠰᠢᠩᠭᠡᠭᠡᠨ ᠠᠪᠤᠨ᠎ᠠ
ᠨᠡᠶᠢᠲᠡᠯᠡᠭᠰᠡᠨ ᠴᠠᠭ᠄
2022/7/5
       ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 30 ᠤ ᠡᠳᠦᠷ ᠤᠨ ᠮᠡᠳᠡᠭᠡ ( ᠰᠤᠷᠪᠤᠯᠵᠢᠯᠠᠭᠴᠢ ᠰᠥᠩ ᠴᠧᠨ᠂ ᠬᠤ᠋ ) ᠰᠤᠷᠪᠤᠯᠵᠢᠯᠠᠭᠴᠢ 6 ᠰᠠᠷ᠎ᠠ ᠶᠢᠨ 30 ᠤ ᠡᠳᠦᠷ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠵᠥᠪᠯᠡᠯ ᠣᠶᠢᠷ᠎ᠠ ᠳᠤ ᠬᠠᠮᠲᠤᠷᠠᠨ 《 ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ 》 ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ  ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ 2022 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠴᠤ ᠠᠵᠢᠯ ᠣᠯᠭᠤᠬᠤ  ᠃      ᠮᠡᠳᠡᠭᠳᠡᠯ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠭᠡᠳᠡᠭ ᠨᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠲᠤᠰᠠᠯᠠᠬᠤ ᠰᠤᠳᠤᠯᠭᠠᠨ᠂ ᠲᠤᠷᠰᠢᠯᠲᠠ ( ᠢᠨᠵᠧᠨᠧᠷᠢᠩ ) ᠶᠢᠨ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠬᠤ ᠪᠠ ᠲᠤᠷᠰᠢᠯᠲᠠ ᠶᠢᠨ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ᠂ ᠡᠷᠳᠡᠮ ᠰᠢᠨᠵᠢᠯᠡᠭᠡᠨ ᠤ ᠲᠤᠰᠠᠯᠠᠭᠴᠢ᠂ ᠡᠳ᠋ ᠤᠨ ᠶᠠᠪᠤᠳᠠᠯ ᠤᠨ ᠲᠤᠰᠠᠯᠠᠭᠴᠢ ᠵᠢᠴᠢ ᠫᠤᠰᠲ ᠳ᠋ᠣᠺᠲ᠋ᠣᠷ ᠵᠡᠷᠭᠡ ᠠᠵᠢᠯ ᠢ ᠬᠢᠵᠦ ᠪᠠᠶᠢᠭ᠎ᠠ ᠬᠥᠮᠦᠰ ᠢ ᠵᠢᠭᠠᠵᠤ ᠪᠠᠶᠢᠨ᠎ᠠ  ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠪᠣᠯ ᠰᠢᠨᠵᠢᠯᠡᠬᠦ ᠤᠬᠠᠭᠠᠨ ᠤ ᠰᠤᠳᠤᠯᠭᠠᠨ ᠤ ᠡᠩᠨᠡᠭᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠮᠥᠨ  ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠬᠤ ᠨᠢ ᠠᠵᠢᠯ ᠣᠯᠭᠤᠯᠲᠠ ᠶᠢ ᠠᠬᠢᠭᠤᠯᠬᠤ ᠬᠦᠴᠦᠲᠡᠶ ᠠᠷᠭ᠎ᠠ ᠪᠠᠷᠢᠯ ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠲᠠᠢ ᠵᠣᠬᠢᠴᠠᠭᠰᠠᠨ ᠲᠤᠰᠬᠠᠶᠢᠵᠢᠭᠰᠠᠨ ᠲᠤᠯᠭᠠᠭᠤᠷᠢᠯᠠᠬᠤ ᠡᠩᠨᠡᠭᠡ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠨᠠᠩ ᠴᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠪᠣᠯᠤᠨ᠎ᠠ᠂ ᠡᠨᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ  ᠃       ᠮᠡᠳᠡᠭᠳᠡᠯ ᠳᠤ᠂ ᠶᠠᠮᠤᠨ ᠤ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠲᠥᠪ ᠤᠨ ᠬᠦᠷᠢᠶᠡᠯᠡᠩ ᠭᠠᠵᠠᠷ᠂ ᠲᠥᠪ ᠤᠨ ᠠᠵᠤ ᠠᠬᠤᠶᠢᠯᠠᠯ ᠵᠡᠷᠭᠡ ᠨᠢᠭᠡᠴᠢ ᠶᠢᠨ ᠬᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ  ᠃ ᠡᠯ᠎ᠡ ᠶᠠᠮᠤᠨ ᠤ ᠬᠠᠷᠢᠶ᠎ᠠ ᠳᠡᠭᠡᠳᠦ ᠰᠤᠷᠭᠠᠭᠤᠯᠢ᠂ ᠲᠥᠪ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠲᠥᠪ ᠤᠨ ᠠᠵᠤ ᠠᠬᠤᠶᠢᠯᠠᠯ ᠵᠡᠷᠭᠡ ᠨᠢ ᠡᠭᠦᠷᠭᠡᠯᠡᠵᠦ ᠪᠦᠬᠦᠢ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠪᠣᠯᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯ ᠤᠨ ᠡᠯ᠎ᠡ ᠲᠥᠷᠥᠯ  ᠤᠨ ᠴᠢᠬᠤᠯᠠ ᠶᠡᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠠᠪᠴᠠᠩ ᠳᠠᠭᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠳᠤ ᠢᠳᠡᠪᠬᠢᠲᠡᠶ ᠣᠷᠣᠯᠴᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠲᠤᠰᠠᠯᠠᠬᠤ ᠠᠵᠢᠯ ᠤᠨ ᠪᠠᠶᠢᠷᠢ ᠶᠢ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ  ᠃ ᠨᠢᠭᠡᠨᠲᠡ ᠨᠡᠭᠡᠭᠡᠨ ᠬᠥᠭᠵᠢᠭᠦᠯᠦᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠬᠢᠨᠠᠮᠠᠭᠠᠶ ᠡᠮᠬᠢᠯᠡᠵᠦ᠂ ᠬᠠᠷᠠᠬᠠᠨ ᠡᠯᠰᠡᠭᠡᠳᠦᠶ ᠲᠡᠭᠦᠰᠦᠭᠰᠡᠳ ᠪᠠ ᠬᠥᠮᠦᠰ ᠤᠨ ᠰᠢᠯᠵᠢᠯᠲᠡ ᠠᠴᠠ ᠪᠣᠯᠵᠣ ᠬᠤᠭᠤᠰᠣᠨ ᠣᠷᠣ ᠭᠠᠷᠤᠭᠰᠠᠨ ᠬᠤᠯᠪᠣᠭᠳᠠᠯ ᠪᠥᠬᠦᠶ ᠠᠵᠢᠯ ᠤᠨ ᠪᠠᠶᠢᠷᠢ ᠶᠢ ᠭᠦᠶᠴᠡᠳ ᠠᠰᠢᠭᠯᠠᠨ᠂ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠤᠭ ᠤᠨ ᠶᠡᠭᠡ ᠬᠡᠮᠵᠢᠶ᠎ᠡ ᠪᠠᠷ ᠰᠢᠩᠭᠡᠭᠡᠨ ᠠᠪᠴᠤ ᠠᠵᠢᠯ ᠣᠯᠭᠤᠨ᠎ᠠ  ᠃      ᠡᠭᠦᠨ ᠠᠴᠠ ᠭᠠᠳᠠᠨ᠎ᠠ᠂ ᠮᠡᠳᠡᠭᠳᠡᠯ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠪᠡᠶ᠎ᠡ  ᠪᠠᠨ ᠳᠠᠭᠠᠭᠠᠵᠤ ᠰᠢᠨ᠎ᠡ ᠶᠢ ᠡᠭᠦᠳᠬᠦ ᠲᠣᠭᠤᠷᠢᠭ ᠤᠨ ᠰᠠᠨᠠᠭᠠᠴᠢᠯᠠᠭ᠎ᠠ ᠠᠴᠠ ᠪᠠᠨ ᠨᠡᠭᠡᠭᠡᠨ ᠬᠥᠭᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠪᠣᠯᠤᠭᠰᠠᠨ ᠤ ᠬᠤᠪᠢ ᠳᠤ ᠪᠠᠰᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠣᠭᠤᠷᠢᠭ ᠤᠨ ᠴᠤᠭᠯᠠᠷᠠᠨ ᠳᠠᠶᠢᠴᠢᠯᠠᠬᠤ ᠠᠵᠢᠯ ᠣᠯᠭᠤᠯᠲᠠ ᠶᠢᠨ ᠦᠶᠯᠡᠳᠦᠯ ᠴᠢᠳᠠᠪᠤᠷᠢ ᠶᠢ ᠭᠦᠶᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠦᠭᠰᠡᠨ ᠪᠠᠶᠢᠳᠠᠯ ᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠤᠨ ᠨᠢᠭᠡ ᠪᠣᠯᠭᠠᠬᠤ ᠬᠡᠷᠡᠭᠲᠡᠶ ᠭᠡᠵᠦ ᠳᠤᠷᠠᠳᠤᠨ ᠭᠠᠷᠭᠠᠵᠠᠶ  ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠣᠭᠤᠷᠢᠭ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠣᠷᠣᠨ ᠤ ᠳᠣᠲᠣᠷᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠭᠠᠷᠭᠠᠬᠤ ᠶᠢ ᠢᠳᠡᠪᠬᠢᠲᠡᠶ ᠳᠠᠶᠢᠴᠢᠯᠠᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ ᠢ ᠡᠭᠦᠷᠭᠡᠯᠡᠵᠦ ᠪᠠᠶᠢᠭ᠎ᠠ ᠨᠢᠭᠡᠴᠡ ᠶᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ ᠵᠦᠶ ᠵᠣᠬᠢᠰᠲᠠᠶ ᠨᠡᠭᠡᠭᠡᠵᠦ᠂ ᠠᠵᠤ ᠠᠬᠤᠶᠢᠯᠠᠯ ᠵᠡᠷᠭᠡ ᠨᠢᠭᠡᠴᠡ ᠶᠢᠨ ᠥᠪᠡᠰᠦᠪᠡᠨ ᠵᠣᠬᠢᠶᠠᠨ ᠪᠠᠶᠢᠭᠤᠯᠤᠭᠰᠠᠨ ᠲᠥᠷᠥᠯ ᠵᠦᠶᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠭᠠᠷᠭᠠᠬᠤ ᠶᠢ ᠵᠣᠷᠢᠭᠵᠢᠭᠤᠯᠤᠨ᠎ᠠ  ᠃
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号