ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2022/7/6
     7 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠤᠯᠤᠰ  ᠤᠨ ᠭᠠᠯ ᠰᠡᠷᠭᠡᠶᠢᠯᠡᠬᠦ ᠠᠵᠢᠯ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠪᠣᠯᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ ᠠᠷᠭ᠎ᠠ ( ᠲᠤᠷᠰᠢᠨ ᠬᠡᠷᠡᠭᠵᠢᠭᠦᠯᠬᠦ ) ᠶᠢ ᠬᠢᠨᠠᠨ ᠵᠥᠪᠯᠡᠪᠡ  ᠃      ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ 《 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ 》 ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠡᠯ᠎ᠡ ᠵᠦᠶᠯ ᠤᠨ ᠠᠵᠢᠯ ᠢ ᠴᠢᠩᠭ᠎ᠠ ᠠᠴᠠ ᠴᠢᠩᠭ᠎ᠠ ᠰᠠᠶᠢᠲᠤᠷ ᠠᠳᠬᠤᠬᠤ ᠬᠡᠷᠡᠭᠲᠡᠶ  ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠲᠤ ᠪᠤᠢ ᠪᠣᠯᠭᠠᠵᠤ᠂ ᠦᠵᠡᠯ ᠰᠠᠨᠠᠭᠠᠨ ᠤ ᠲᠠᠯ᠎ᠠ ᠶᠢᠨ 《 ᠶᠡᠷᠦᠩᠬᠡᠢ ᠨᠡᠭᠡᠭᠡᠯᠭᠡ 》 ᠶᠢ ᠦᠷᠭᠦᠯᠵᠢᠯᠡᠨ ᠴᠢᠩᠭᠠᠯᠠᠵᠤ᠂ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ  ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ  ᠃ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠪᠣᠳᠠᠲᠠᠢ ᠠᠴᠠ ᠨᠠᠷᠢᠯᠢᠭ ᠪᠠᠶᠢᠵᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ  ᠪᠠᠷ ᠲᠤᠶᠢᠯᠪᠤᠷᠢᠲᠠᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠢ  ᠃ ᠠᠵᠢᠯ ᠤᠨ ᠣᠷᠣᠭᠤᠯᠤᠯᠲᠠ ᠶᠢ ᠨᠠᠷᠢᠨ ᠨᠢᠭᠲᠠ ᠪᠠᠲᠤᠯᠠᠵᠤ᠂ ᠤᠯᠤᠰ ᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ  ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠤ ᠴᠦᠨ᠂ ᠯᠢ ᠪᠢᠩ ᠷᠦᠩ᠂ ᠪᠦ᠋ᠦ ᠰᠢᠶᠠᠨ ᠬᠤᠸᠠ ᠬᠤᠷᠠᠯ ᠳᠤ ᠣᠷᠣᠯᠴᠠᠵᠠᠶ  ᠃
 
ᠢᠷᠡᠯᠲᠡ᠄ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号