ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 《 ᠲᠠᠷᠢᠶᠠᠯᠠᠩ ᠤᠨ ᠣᠯᠠᠨ ᠡᠬᠢᠲᠦ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠥᠬᠡᠶ ᠣᠷᠣᠭᠤᠯᠤᠯᠲᠠ ᠶᠢᠨ ᠡᠳ᠋ ᠢ ᠰᠤᠳᠤᠯᠤᠨ ᠨᠡᠭᠡᠭᠡᠬᠦ 》 ᠵᠡᠷᠭᠡ ᠭᠤᠤᠯᠳᠠᠯᠭ᠎ᠠ ᠲᠠᠢ ᠲᠤᠰᠬᠠᠶ ᠵᠦᠶᠯ ᠤᠨ 2022 ᠣᠨ ᠤ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠵᠣᠬᠢᠶᠠᠨ ᠪᠠᠶᠢᠭᠤᠯᠤᠨ ᠮᠡᠳᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/8/10
     ᠡᠯ᠎ᠡ ᠠᠶᠢᠮᠠᠭ ( ᠬᠤᠲᠠ ) ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠡ᠄     《 ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ᠪᠠ ᠵᠣᠬᠢᠶᠠᠨ ᠪᠠᠶᠢᠭᠤᠯᠤᠨ ᠬᠠᠮᠢᠶᠠᠷᠬᠤ ᠬᠠᠮᠢᠶ᠎ᠠ ᠪᠥᠬᠦᠶ ᠱᠠᠭᠠᠷᠳᠠᠯᠭ᠎ᠠ ᠵᠢᠴᠢ 《 ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 〈 ᠲᠠᠷᠢᠶᠠᠯᠠᠩ ᠤᠨ ᠣᠯᠠᠨ ᠡᠬᠢᠲᠦ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠥᠬᠡᠶ ᠣᠷᠣᠭᠤᠯᠤᠯᠲᠠ ᠶᠢᠨ ᠡᠳ᠋ ᠢ ᠰᠤᠳᠤᠯᠤᠨ ᠨᠡᠭᠡᠭᠡᠬᠦ 〉 ᠵᠡᠷᠭᠡ ᠭᠤᠤᠯᠳᠠᠯᠭ᠎ᠠ ᠲᠠᠢ ᠲᠤᠰᠬᠠᠶ ᠵᠦᠶᠯ ᠤᠨ 2022 ᠣᠨ ᠤ ᠭᠠᠷᠴᠠᠭ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ ᠲᠤᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠮᠡᠳᠡᠭᠳᠡᠯ 》 ( ᠲᠥᠷᠥ ᠰᠢᠨᠵᠢᠯᠡᠬᠦ ᠲᠠᠷᠬᠠᠭᠠᠭᠰᠠᠨ ᠪᠡᠯᠡ 2022191 ᠳ᠋ᠦ᠋ᠭᠡᠷ ᠲᠣᠭᠠᠲᠤ ) ᠢ ᠦᠨᠳᠦᠰᠦᠯᠡᠨ᠂ ᠡᠳᠦᠭᠡ ᠮᠠᠨ ᠤ ᠣᠷᠣᠨ ᠤ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠶᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠬᠤ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ  ᠃       ᠨᠢᠭᠡ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ       1 . ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠨᠢᠭᠡᠴᠡ ᠵᠢᠴᠢ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠬᠠᠷᠢᠭᠤᠴᠠᠯᠭᠠᠲᠠᠨ ᠤ ᠬᠢᠷᠢ ᠬᠡᠮ ᠤᠨ ᠱᠠᠭᠠᠷᠳᠠᠯᠭ᠎ᠠ ᠶᠢ 《 ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ 〈 ᠲᠠᠷᠢᠶᠠᠯᠠᠩ ᠤᠨ ᠣᠯᠠᠨ ᠡᠬᠢᠲᠦ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠪᠠ ᠪᠣᠬᠢᠷᠲᠤᠯ ᠥᠬᠡᠶ ᠣᠷᠣᠭᠤᠯᠤᠯᠲᠠ ᠶᠢᠨ ᠡᠳ᠋ ᠢ ᠰᠤᠳᠤᠯᠤᠨ ᠨᠡᠭᠡᠭᠡᠬᠦ 〉 ᠵᠡᠷᠭᠡ ᠭᠤᠤᠯᠳᠠᠯᠭ᠎ᠠ ᠲᠠᠢ ᠲᠤᠰᠬᠠᠶ ᠵᠦᠶᠯ ᠤᠨ 2022 ᠣᠨ ᠤ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠵᠦᠭᠯᠡᠭᠦᠷ ᠢ ᠨᠡᠶᠢᠲᠡᠯᠡᠬᠦ ᠲᠤᠬᠠᠶ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠮᠡᠳᠡᠭᠳᠡᠯ 》 ( ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ 2022191 ᠳ᠋ᠦ᠋ᠭᠡᠷ ᠲᠣᠭᠠᠲᠤ ) ( ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ http᠄ / / service . most . gov . cn ᠣᠷᠣᠵᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠦᠵᠡᠵᠦ ᠪᠣᠯᠤᠨ᠎ᠠ )  ᠃      2 . ᠡᠯ᠎ᠡ ᠪᠠᠲᠤᠯᠠᠨ ᠲᠠᠨᠢᠯᠴᠠᠭᠤᠯᠬᠤ ᠨᠢᠭᠡᠴᠡ ᠨᠢ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠲᠣᠰ ᠨᠢᠭᠡᠴᠡ ᠶᠢᠨ ᠡᠭᠦᠷᠭᠡ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠲᠣᠰ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠳᠣᠲᠣᠷ᠎ᠠ ᠪᠠᠲᠤᠯᠠᠨ ᠲᠠᠨᠢᠯᠴᠠᠭᠤᠯᠬᠤ ᠶᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠶᠯ ᠤᠨ ᠦᠨᠡᠨ ᠪᠣᠳᠠᠲᠤ ᠴᠢᠨᠠᠷ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ  ᠃       ᠬᠤᠶᠠᠷ᠂ ᠲᠠᠨᠢᠯᠴᠠᠭᠤᠯᠬᠤ ᠨᠢᠭᠡᠴᠢ      1 . ᠭᠤᠶᠤᠴᠢᠯᠠᠨ ᠮᠡᠳᠡᠭᠦᠯᠬᠦ ᠨᠢᠭᠡᠴᠡ ᠨᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ( http᠄ / / service . most . gov . cn ) ᠢᠶᠠᠷ ᠳᠠᠮᠵᠢᠭᠤᠯᠤᠨ 2022 ᠣᠨ ᠤ 8 ᠳ᠋ᠤᠭᠠᠷ ᠰᠠᠷ᠎ᠠ ᠶᠢᠨ 18 ᠤ ᠡᠳᠦᠷ ᠤᠨ 16᠄ 00 ᠴᠠᠭ ᠠᠴᠠ ᠡᠮᠦᠨ᠎ᠡ ᠰᠦᠯᠵᠢᠶᠡᠨ ᠳᠡᠭᠡᠷ᠎ᠡ ᠲᠥᠷᠥᠯ ᠵᠦᠶᠯ ᠤᠨ ᠤᠷᠢᠳᠴᠢᠯᠠᠨ ᠮᠡᠳᠡᠭᠦᠯᠬᠦ ᠪᠢᠴᠢᠭ ᠢ ᠲᠠᠭᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠡ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ 8 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠭᠤᠶᠤᠴᠢᠯᠠᠨ ᠮᠡᠳᠡᠭᠦᠯᠬᠦ ᠪᠢᠴᠢᠭ ᠵᠢᠴᠢ ᠬᠠᠮᠢᠶ᠎ᠠ ᠪᠥᠬᠦᠶ ᠳᠠᠭᠠᠯᠳᠤᠭᠤᠯᠤᠯ ( ᠡᠯᠧᠺᠲᠷᠣᠨ ᠬᠡᠪᠯᠡᠯ ) ᠢᠶᠠᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠠᠩᠬᠠᠨ ᠤ ᠬᠢᠨᠠᠯᠲᠠ ᠬᠢᠯᠭᠡᠨ᠎ᠡ  ᠃ ᠳᠠᠩᠰᠠᠯᠠᠭᠤᠯᠤᠭᠠᠳᠤᠶ ᠪᠠᠷ ᠮᠡᠳᠡᠭᠦᠯᠦᠭᠰᠡᠨ ᠨᠢᠭᠡᠴᠡ ᠨᠢ ᠰᠦᠯᠵᠢᠶᠡᠨ ᠥᠷᠲᠡᠭᠡ ᠶᠢᠨ ᠵᠢᠭᠠᠨ ᠵᠢᠯᠣᠭᠤᠳᠣᠯᠭ᠎ᠠ ᠶᠣᠰᠣᠭᠠᠷ ᠳᠠᠩᠰᠠᠯᠠᠭᠤᠯᠬᠤ ᠬᠡᠷᠡᠭᠲᠡᠶ ( ᠮᠡᠷᠭᠡᠵᠢᠯ ᠤᠨ ᠯᠠᠪᠯᠠᠭ᠎ᠠ ᠶᠢᠨ ᠤᠲᠠᠰᠤ᠄ 010 - 58882999 ) ᠪᠥᠭᠡᠳ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 》 ᠢ ᠰᠣᠩᠭᠤᠨ ᠲᠠᠨᠢᠯᠴᠠᠭᠤᠯᠬᠤ ᠨᠢᠭᠡᠴᠡ ᠪᠣᠯᠭᠠᠨ᠎ᠠ  ᠃       2 . ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠳ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠠᠨᠢᠯᠴᠠᠭᠤᠯᠤᠭᠰᠠᠨ ᠲᠥᠷᠥᠯ ᠵᠦᠶᠯ ᠤᠨ ᠨᠠᠷᠢᠨ ᠬᠠᠭᠤᠳᠠᠰᠤ ( ᠰᠢᠷᠪᠢᠭᠰᠡᠨ ᠪᠢᠴᠢᠭ ᠮᠠᠲ᠋ᠧᠷᠢᠶᠠᠯ ) ᠶᠢ 8 ᠳ᠋ᠤᠭᠠᠷ ᠰᠠᠷ᠎ᠠ  ᠶᠢᠨ 19 ᠤ ᠡᠳᠦᠷ ᠠᠴᠠ ᠡᠮᠦᠨ᠎ᠡ ᠡᠯᠧᠺᠲᠷᠣᠨ ᠰᠢᠦᠳᠠᠨ ᠤ ᠬᠠᠶᠢᠷᠴᠠᠭ ( nmgjhc @ 163 . com ) ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ  ᠃       3 .ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠥᠪᠬᠡᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠨ᠂ 8 ᠳ᠋ᠤᠭᠠᠷ ᠰᠠᠷ᠎ᠠ ᠶᠢᠨ 23 ᠤ ᠡᠳᠦᠷ ᠤᠨ 16 ᠴᠠᠭ ᠠᠴᠠ ᠡᠮᠦᠨ᠎ᠡ ᠲᠠᠨᠢᠯᠴᠠᠭᠤᠯᠤᠭᠰᠠᠨ ᠲᠥᠷᠥᠯ ᠵᠦᠶᠯ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠳᠤ ᠲᠤᠰᠢᠶᠠᠨ᠎ᠠ᠃       ᠭᠤᠷᠪᠠ᠂ ᠬᠠᠷᠢᠯᠴᠠᠬᠤ ᠬᠡᠯᠪᠡᠷᠢ        1 .ᠲᠤᠬᠠᠶᠢᠯᠠᠭᠰᠠᠨ ᠠᠵᠢᠯ ᠤᠨ ᠯᠠᠪᠯᠠᠯᠭ᠎ᠠ           ᠬᠠᠷᠢᠯᠴᠠᠬᠤ ᠬᠥᠮᠦᠨ᠄ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ     ᠯᠢᠦ ᠪᠠᠶ ᠯᠢ    ᠤᠲᠠᠰᠤ᠄ 0471 - 6328631        2 . ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ         ᠬᠠᠷᠢᠯᠴᠠᠬᠤ ᠬᠥᠮᠦᠨ᠄ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠭᠠᠵᠠᠷ      ᠶᠠᠩ ᠷᠦᠢ      ᠤᠲᠠᠰᠤ᠄ 0471 - 6328708                                                                                 ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ                                                                                   2022 ᠣᠨ ᠤ 8 ᠳ᠋ᠤᠭᠠᠷ ᠰᠠᠷ᠎ᠠ ᠶᠢᠨ 10 ᠤ ᠡᠳᠦᠷ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号