ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠣᠯᠠᠨ ᠠᠷᠭ᠎ᠠ ᠬᠡᠮᠵᠢᠶ᠎ᠡ ᠠᠪᠴᠤ ᠪᠥᠬᠦ ᠤᠯᠤᠰ ᠤᠨ ᠪᠣᠯᠪᠠᠰᠤᠨ ᠬᠤᠲᠠ ᠶᠢ ᠬᠠᠮᠲᠤ ᠪᠠᠷ ᠴᠣᠭᠴᠠᠯᠠᠬᠤ ᠠᠵᠢᠯ ᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2022/8/10
 ᠬᠥᠬᠡᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ 《 ᠣᠷᠣᠨ ᠤ ᠲᠥᠪ ᠪᠣᠯ ᠮᠠᠨ ᠤ ᠬᠡᠷ᠂ ᠡᠭᠦᠳᠦᠨ ᠪᠠᠶᠢᠭᠤᠯᠬᠤ ᠳᠤ ᠳᠠᠶᠠᠭᠠᠷ ᠢ ᠲᠦᠰᠢᠭᠯᠡᠬᠦ 》 ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 《 2022 ᠣᠨ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ 〈 ᠣᠷᠣᠨ ᠤ ᠲᠥᠪ ᠪᠣᠯ ᠮᠠᠨ ᠤ ᠬᠡᠷ ᠤᠨ ᠡᠭᠦᠳᠦᠨ ᠪᠠᠶᠢᠭᠤᠯᠬᠤ  ᠳᠤ ᠳᠠᠶᠠᠭᠠᠷ ᠢᠶᠠᠨ ᠲᠦᠰᠢᠭᠯᠡᠬᠦ 〉 ᠶᠢ ᠦᠷᠭᠦᠯᠵᠢᠯᠡᠨ ᠭᠦᠨᠵᠡᠭᠡᠶ ᠠᠬᠢᠭᠤᠯᠵᠤ ᠪᠥᠬᠦ ᠤᠯᠤᠰ ᠤᠨ ᠪᠣᠯᠪᠠᠰᠤᠨ ᠬᠤᠲᠠ ᠶᠢ ᠬᠠᠮᠲᠤ ᠪᠠᠷ ᠡᠭᠦᠳᠦᠨ ᠪᠠᠶᠢᠭᠤᠯᠬᠤ ᠠᠵᠢᠯ ᠤᠨ ᠲᠥᠰᠦᠯ 》 ᠢ ᠲᠣᠭᠲᠠᠭᠠᠭᠰᠠᠨ ᠤ ᠬᠠᠮᠲᠤ ᠰᠢᠷᠢᠰ ᠠᠵᠢᠯᠯᠠᠭ᠎ᠠ ᠪᠠᠷ ᠳᠠᠮᠵᠢᠭᠤᠯᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃     ᠨᠡᠶᠢᠭᠡᠮ ᠲᠣᠭᠤᠷᠢᠭ ᠤᠨ 《 ᠲᠣᠮᠣ ᠨᠠᠮ ᠤᠨ ᠬᠤᠷᠢᠶ᠎ᠠ 》 ᠶᠢ ᠬᠠᠮᠲᠤ ᠪᠠᠷ ᠪᠠᠶᠢᠭᠤᠯᠬᠤ ᠬᠠᠮᠲᠤᠷᠠᠭᠰᠠᠨ ᠠᠵᠢᠯᠯᠠᠭ᠎ᠠ ᠶᠢ ᠥᠷᠨᠢᠭᠦᠯᠦᠨ᠎ᠡ᠃
        ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ 《 ᠬᠤᠤᠰ ᠨᠡᠷ᠎ᠡ ᠮᠡᠳᠡᠭᠦᠯᠬᠦ 》 ᠠᠵᠢᠯᠯᠠᠭ᠎ᠠ  ᠲᠠᠢ ᠤᠶᠠᠯᠳᠤᠭᠤᠯᠤᠨ᠂ ᠣᠷᠣᠨ ᠤ ᠲᠥᠪ ᠤᠨ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠡᠭᠦᠯᠳᠡᠷᠵᠢᠭᠰᠡᠨ᠂ ᠡᠭᠦᠳᠦᠨ ᠪᠠᠶᠢᠭᠤᠯᠬᠤ ᠠᠵᠢᠯᠯᠠᠭ᠎ᠠ ᠯᠠᠪᠳᠠᠭᠤᠨ ᠪᠠᠲᠤᠲᠠᠶ᠂ ᠶᠣᠰᠣ ᠰᠤᠷᠲᠠᠬᠤᠨ ᠬᠡᠪ ᠰᠤᠷᠲᠠᠯ ᠰᠠᠶᠢᠨ ᠰᠠᠶᠢᠬᠠᠨ᠂ ᠠᠮᠢᠳᠤᠷᠠᠯ ᠤᠨ ᠣᠷᠴᠢᠨ ᠲᠣᠭᠤᠷᠢᠨ ᠲᠠᠭᠠᠯᠠᠮᠵᠢᠲᠠᠶ᠂ ᠨᠡᠶᠢᠭᠡᠮ ᠤᠨ ᠡᠮᠬᠢ ᠳᠢᠭᠯᠢᠮ ᠲᠣᠭᠲᠠᠭᠤᠨ ᠰᠢᠨ᠎ᠡ ᠬᠡᠷ ᠣᠷᠣᠨ ᠪᠣᠯᠬᠤ ᠶᠢ ᠬᠠᠮᠲᠤ ᠪᠠᠷ ᠠᠬᠢᠭᠤᠯᠤᠨ᠎ᠠ  ᠃ ᠵᠦ ᠶᠤᠸᠠᠨ ᠨᠡᠶᠢᠭᠡᠮ ᠲᠣᠭᠤᠷᠢᠭ ᠯᠤᠭ᠎ᠠ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠵᠤ᠂ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠳᠡᠭᠡᠳᠦ ᠳᠤᠤᠷᠠᠳᠦ ᠱᠠᠳᠤ ᠬᠤᠯᠪᠣᠭᠠᠯᠠᠨ ᠬᠥᠳᠡᠯᠦᠯᠴᠡᠭᠰᠡᠨ᠂ ᠬᠠᠮᠲᠤᠪᠠᠷ ᠡᠳ᠋ᠯᠡᠵᠦ ᠬᠠᠮᠲᠤᠪᠠᠷ ᠪᠠᠶᠢᠭᠤᠯᠤᠭᠰᠠᠨ ᠦᠨᠳᠦᠰᠦᠨ ᠱᠠᠲᠤᠨ ᠤ ᠨᠠᠮ  ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠪᠠ  ᠃ ᠸᠢᠴᠠᠲ ᠤᠨ ᠴᠤᠭᠯᠠᠷᠠᠯ ᠢ ᠬᠠᠮᠲᠤ ᠪᠠᠷ ᠪᠠᠶᠢᠭᠤᠯᠬᠤ ᠶᠠᠪᠤᠳᠠᠯ ᠢ ᠠᠰᠢᠭᠯᠠᠨ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠦᠨ᠎ᠡ  ᠃ 7 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ 5 ᠨᠠᠮ ᠤᠨ ᠡᠭᠦᠷ ᠤᠨ ᠲᠥᠯᠥᠭᠡᠯᠡᠭᠴᠢ ᠵᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠲᠥᠯᠥᠭᠡᠯᠡᠭᠴᠢ ᠲᠠᠢ ᠬᠠᠮᠲᠤ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠦᠷᠴᠦ᠂ 《 ᠨᠠᠮ ᠤᠨ ᠪᠠᠶᠢᠭᠤᠯᠤᠯᠲᠠ ᠪᠠᠷ ᠦᠨᠳᠦᠰᠦ ᠶᠢ ᠬᠦᠳᠦᠯᠦᠨ ᠳᠠᠭᠠᠭᠤᠯᠵᠤ ᠰᠦᠭ ᠰᠦᠨᠡᠰᠦ ᠶᠢ ᠨᠢ ᠪᠣᠶᠢᠵᠢᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠬᠤ 》 ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ  ᠃      《 ᠨᠢᠭᠡ ᠰᠠᠷ᠎ᠠ ᠨᠢᠭᠡ ᠭᠤᠣᠯ ᠰᠡᠳᠦᠪ 》 ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ  ᠃
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠨᠢ ᠨᠠᠮ ᠤᠨ ᠭᠡᠰᠢᠭᠦᠨ ᠺᠠᠳ᠋ᠷ ᠬᠢᠭᠡᠳ ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ᠪᠠᠶᠢᠭᠠᠳ ᠨᠢᠭᠡ ᠬᠤᠲᠠ  ᠳᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠬᠠᠮᠲᠤ ᠪᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠨᠢᠭᠡ ᠬᠤᠲᠠ ᠳᠤ ᠬᠠᠮᠲᠤ  ᠪᠠᠷ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠷ᠎ᠠ ᠪᠦᠷᠢ ᠨᠢᠭᠡ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠬᠦᠷᠴᠦ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠨᠢᠭᠡ ᠤᠳᠠᠭ᠎ᠠ ᠲᠦᠭᠡᠮᠡᠯᠵᠢᠭᠦᠯᠵᠦ᠂ 《 ᠵᠢᠵᠢᠭ ᠵᠠᠷ 》 ᠢ ᠨᠢᠭᠡ ᠤᠳᠠᠭ᠎ᠠ ᠠᠷᠢᠯᠭᠠᠵᠤ᠂ ᠠᠰᠠᠷ ᠤᠨ ᠵᠠᠮ ᠤᠨ ᠠᠷᠢᠭᠤᠨ ᠴᠡᠪᠡᠷ ᠢ ᠨᠢᠭᠡ ᠤᠳᠠᠭ᠎ᠠ ᠴᠡᠪᠡᠷᠯᠡᠵᠦ᠂ ᠠᠷᠢᠭᠤᠨ ᠴᠡᠪᠡᠷ ᠬᠡᠷ ᠣᠷᠣᠨ ᠢ ᠬᠠᠮᠲᠤ ᠪᠠᠷ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠳᠣᠬᠠᠨ ᠳᠤ ᠨᠢᠭᠡᠨᠲᠡ 4 ᠨᠠᠮ ᠤᠨ ᠡᠭᠦᠷ ᠤᠨ ᠨᠡᠶᠢᠲᠡ 40 ᠭᠠᠷᠤᠶ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ  ᠃    《 ᠠᠷᠠᠳ ᠤᠨ ᠲᠥᠯᠥᠭᠡ 》 ᠨᠢᠭᠡ ᠬᠤᠲᠠ ᠳᠤ ᠬᠠᠮᠲᠤ ᠪᠠᠷ ᠡᠭᠦᠳᠦᠨ ᠪᠠᠶᠢᠭᠤᠯᠬᠤ ᠦᠶᠯᠡᠴᠢᠯᠡᠭᠡᠨ ᠤ ᠠᠵᠢᠯᠯᠠᠭ᠎ᠠ‌ᠥᠷᠨᠢᠭᠦᠯᠦᠨ᠎ᠡ  ᠃     ᠨᠡᠶᠢᠭᠡᠮ ᠲᠣᠭᠤᠷᠢᠭ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠣᠯᠠᠨ ᠲᠦᠮᠡᠨ ᠠᠴᠠ ᠰᠠᠨᠠᠯ ᠬᠤᠷᠢᠶᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠵᠦ ᠶᠤᠸᠠᠨ ᠨᠡᠶᠢᠭᠡᠮ ᠲᠣᠭᠤᠷᠢᠭ ᠲᠤ 1 ᠳᠠᠷᠤᠮᠠᠯᠯᠠᠬᠤ ᠮᠠᠰᠢᠨ ᠵᠢᠴᠢ ᠬᠠᠮᠢᠶ᠎ᠠ ᠪᠥᠬᠦᠶ ᠠᠯᠪᠠᠨ ᠬᠡᠷᠡᠭᠰᠡᠯ ᠬᠠᠨᠳᠢᠪᠯᠠᠵᠤ᠂ ᠨᠡᠶᠢᠭᠡᠮ ᠲᠣᠭᠤᠷᠢᠭ ᠢ ᠬᠠᠪᠰᠤᠷᠤᠨ 2 ᠢᠵᠢ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠬᠤ ᠶᠢᠨ ᠬᠠᠮᠲᠤ ᠡᠳᠦᠷ ᠲᠤᠲᠤᠮ ᠤᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢᠨ ᠪᠤᠯᠤᠩ ᠢ ᠬᠠᠮᠠᠭᠠᠯᠠᠨ ᠰᠢᠨᠡᠳᠬᠡᠬᠦ ᠠᠵᠢᠯ ᠢ ᠬᠠᠷᠢᠭᠤᠴᠠᠪᠠ  ᠃ ᠡᠭᠦᠨ ᠠᠴᠠ ᠭᠠᠳᠠᠨ᠎ᠠ ᠪᠠᠰᠠ 《 ᠳᠤᠮᠳᠠᠳᠤ ᠶᠢᠨ ᠵᠡᠭᠦᠳᠦ ᠬᠥᠳᠡᠯᠮᠦᠷᠢ ᠭᠤᠸ᠎ᠠ ᠰᠠᠶᠢᠬᠠᠨ 》 ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ᠂ 《 ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ 》 ᠡᠷᠡᠭᠦᠯ ᠬᠠᠮᠠᠭᠠᠯᠠᠯ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷᠳᠡᠭᠡ ᠳᠤ 《 ᠬᠠᠶᠢᠷ᠎ᠠ ᠬᠠᠯᠠᠮᠵᠢ ᠬᠦᠷᠭᠡᠬᠦ 》 ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃      ᠰᠢᠷᠢᠰ ᠠᠵᠢᠯᠯᠠᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠣᠷᠣᠨ ᠤ ᠲᠥᠪ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠣᠯᠤᠨ 《 ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠲᠦᠰᠢᠭᠯᠡᠬᠦ᠂ ᠠᠷᠠᠳ ᠲᠤ ᠠᠰᠢᠭ ᠬᠦᠷᠲᠡᠭᠡᠬᠦ ᠶᠢ ᠡᠭᠦᠳᠦᠨ ᠪᠠᠶᠢᠭᠤᠯᠬᠤ 》 ᠣᠶᠢᠯᠠᠭᠠᠭᠳᠠᠬᠤᠨ ᠢ ᠴᠥᠬᠦᠷᠡᠰᠢ ᠥᠬᠡᠶ ᠲᠤᠭᠤᠰᠢᠯᠠᠭᠤᠯᠵᠤ᠂ 《 ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ 》 ᠶᠢ ᠪᠣᠳᠠᠲᠠᠶ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠶᠢ ᠦᠨᠡᠨ ᠬᠦ ᠠᠬᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号