ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2022/8/11
     ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠣᠷᠣᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠬᠥᠭᠵᠢᠯᠲᠡ ᠶᠢᠨ ᠲᠥᠯᠥᠪᠵᠢᠭᠦᠯᠭᠡ 》 ( ᠳᠣᠷᠣᠭᠰᠢ 《 ᠲᠥᠯᠥᠪᠵᠢᠭᠦᠯᠭᠡ 》 ᠭᠡᠵᠦ ᠲᠣᠪᠴᠢᠯᠠᠨ᠎ᠠ ) ᠶᠢ ᠨᠡᠶᠢᠲᠡᠯᠡᠪᠡ  ᠃ 《 ᠲᠥᠯᠥᠪᠵᠢᠭᠦᠯᠭᠡ 》 ᠳᠤ ᠮᠠᠨ ᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠬᠥᠭᠵᠢᠯᠲᠡ ᠶᠢᠨ ᠰᠠᠭᠤᠷᠢ ᠪᠠ ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠣᠷᠣᠨ ᠰᠠᠭᠤᠴᠠ ᠶᠢᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠪᠥᠬᠦ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ  ᠃     《 ᠲᠥᠯᠥᠪᠵᠢᠭᠦᠯᠭᠡ 》 ᠨᠢ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠳᠣᠪᠣᠶᠢᠯᠭᠠᠪᠠ᠂ 《 ᠭᠡᠷ ᠪᠣᠯ ᠰᠠᠭᠤᠬᠤ ᠶᠢᠨ ᠲᠥᠯᠥᠭᠡ ᠶᠤᠮ᠂ ᠬᠠᠭᠤᠷᠬᠤ ᠳᠤ ᠬᠡᠷᠡᠭᠯᠡᠬᠦ ᠪᠢᠰᠢ 》 ᠭᠡᠵᠦ ᠲᠣᠭᠲᠠᠭᠠᠭᠰᠠᠨ ᠪᠠᠶᠢᠨ᠎ᠠ᠂ ᠣᠷᠣᠨ ᠰᠠᠭᠤᠴᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ  ᠤᠨ ᠲᠣᠭᠲᠠᠴᠠ ᠶᠢᠨ ᠰᠢᠶᠳᠪᠦᠷᠢᠯᠡᠬᠦ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠂ ᠣᠯᠠᠨ ᠶᠠᠩᠵᠤ  ᠶᠢᠨ ᠪᠣᠯᠭᠠᠬᠤ᠂ ᠣᠯᠠᠨ ᠠᠷᠭ᠎ᠠ ᠵᠠᠮ ᠪᠦᠬᠦᠢ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠷ ᠭᠤᠤᠯ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ᠂ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠂ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠪᠠ ᠣᠷᠣᠨ ᠰᠠᠭᠤᠴᠠ ᠶᠢᠨ ᠬᠠᠮᠢᠶᠠᠷᠤᠯᠲᠠ ᠶᠢ ᠪᠠᠲᠤᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠎ᠡ᠂ ᠬᠠᠮᠲᠤ ᠪᠠᠷ ᠥᠮᠴᠢᠯᠡᠬᠦ ᠡᠷᠬᠡ ᠪᠦᠬᠦᠢ ᠣᠷᠣᠨ ᠰᠠᠭᠤᠴᠠ ᠶᠢ ᠬᠠᠶᠢᠨ ᠰᠦᠪᠡᠭᠴᠢᠯᠡᠨ᠎ᠡ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠬᠥᠭᠵᠢᠭᠦᠯᠦᠨ᠎ᠡ᠂ ᠨᠠᠰᠤᠵᠢᠬᠤ ᠳᠤ ᠲᠣᠬᠢᠷᠠᠬᠤ ᠣᠷᠣᠨ ᠰᠠᠭᠤᠴᠠ ᠪᠠ ᠨᠠᠰᠤᠵᠢᠬᠤ ᠳᠤ ᠲᠣᠬᠢᠷᠠᠬᠤ ᠣᠷᠣᠰᠢᠨ ᠰᠠᠭᠤᠬᠤ ᠳᠤ ᠲᠣᠬᠢᠷᠠᠬᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠂ ᠣᠷᠣᠨ ᠰᠠᠭᠤᠴᠠ ᠶᠢᠨ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ 6 ᠲᠠᠯ᠎ᠠ ᠪᠠᠷ ᠬᠦᠴᠦᠯᠡᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ ᠳᠠᠮᠵᠢᠨ᠂ ᠲᠥᠬᠦᠷ ᠲᠥᠷᠥ  ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠂ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠳᠥᠷᠪᠡᠨ ᠳᠠᠪᠬᠤᠷ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠂ ᠡᠴᠦᠰ ᠲᠡᠭᠡᠨ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ  ᠪᠠᠷ ᠶᠠᠪᠤᠭᠤᠯᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠵᠤ ᠳᠠᠭᠤᠰᠬᠠᠪᠠ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠂ ᠣᠷᠣᠰᠢᠨ ᠰᠠᠭᠤᠬᠤ ᠴᠢᠨᠠᠷ ᠴᠢᠨᠰᠠᠭ᠎ᠠ ᠪᠠ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠂ ᠠᠷᠠᠳ ᠣᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ ᠵᠣᠯ ᠵᠢᠷᠭᠠᠯ ᠤᠨ ᠰᠡᠳᠬᠢᠯᠭᠡ ᠪᠠ ᠠᠮᠤᠷ ᠲᠦᠪᠰᠢᠨ ᠤ ᠰᠡᠳᠬᠢᠯᠭᠡ  ᠃     《 ᠲᠥᠯᠥᠪᠵᠢᠭᠦᠯᠭᠡ 》 ᠨᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠷᠣᠨ ᠰᠠᠭᠤᠴᠠ  ᠶᠢᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠪᠠᠷ ᠲᠤᠰᠤᠯᠲᠠ ᠪᠣᠯᠭᠠᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ  ᠤᠨ ᠰᠢᠰᠲ᠋ᠧᠮ ᠪᠣᠯᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠶᠳᠪᠦᠷᠢᠯᠡᠭᠴᠢ ᠴᠢᠨᠠᠷᠲᠠᠶ ᠦᠶᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠶᠯᠡᠰ ᠤᠨ ᠬᠡᠯᠪᠡᠷᠢ  ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠵᠤ᠂ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠶᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠲᠡ ᠶᠢ ᠠᠬᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ  ᠃     《 ᠲᠥᠯᠥᠪᠵᠢᠭᠦᠯᠭᠡ 》 ᠳᠤ᠂ 2025 ᠣᠨ ᠪᠣᠯᠬᠤ ᠳᠤ ᠣᠷᠣᠨ ᠤ ᠪᠠᠶᠢᠳᠠᠯ ᠳᠤ ᠨᠡᠶᠢᠴᠡᠭᠰᠡᠨ ᠣᠯᠠᠨ ᠪᠡᠶᠡᠴᠢ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ  ᠃ 2025 ᠣᠨ ᠪᠣᠯᠲᠠᠯ᠎ᠠ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ 5 . 8 ᠲᠦᠮᠡᠨ ᠢᠵᠢ ᠪᠠᠶᠢᠭᠤᠯᠵᠤ᠂ ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ 22 ᠲᠦᠮᠡᠨ ᠢᠵᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠪᠣᠬᠢᠷᠲᠤᠯ ᠦᠭᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 100 % ᠳᠤ ᠬᠦᠷᠦᠭᠦᠯᠵᠦ᠂ ᠬᠤᠲᠠ ᠪᠠᠯᠭᠠᠰᠤ ᠶᠢᠨ 120 ᠲᠦᠮᠡᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ 100 % ᠳᠤ ᠬᠦᠷᠦᠭᠦᠯᠵᠦ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ 90 % ᠠᠴᠠ ᠳᠠᠪᠠᠭᠤᠯᠵᠤ᠂ ᠥᠮᠴᠢᠲᠡᠨ ᠤ ᠵᠥᠪᠯᠡᠯ ( ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ) ᠢ ᠵᠣᠬᠢᠶᠠᠨ ᠪᠠᠶᠢᠭᠤᠯᠬᠤ ᠨᠣᠷᠮ᠎ᠠ ᠶᠢ 60 % ᠠᠴᠠ ᠳᠠᠪᠠᠭᠤᠯᠤᠨ᠎ᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号