2023 ᠣᠨ ᠤ ᠥᠪᠡᠷᠲᠡᠭᠡᠨ ᠵᠠᠰᠠᠬᠤ ᠣᠷᠣᠨ ᠤ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ  ᠤᠨ ᠰᠡᠳᠦᠪ ᠰᠣᠩᠭᠤᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/8/12
      ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠨᠢᠭᠡᠴᠡ᠄       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠰᠠᠭᠤᠳᠠᠯ ᠤᠨ ᠰᠤᠳᠤᠯᠤᠯ ᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠨᠢᠭᠡᠴᠢ  ᠠᠴᠠ 2023 ᠣᠨ ᠤ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠰᠡᠳᠦᠪ ᠢ ᠴᠤᠭᠯᠠᠭᠤᠯᠤᠨ᠎ᠠ  ᠃ ᠪᠣᠳᠠᠲᠠᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠡᠯᠰᠡᠬᠦ ᠴᠢᠭᠯᠡᠯ         ᠰᠡᠳᠦᠪ ᠰᠣᠩᠭᠤᠬᠤ ᠳᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠶ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠂ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ ᠭᠠᠵᠠᠷ 》᠂ 《 ᠨᠢᠭᠡ ᠬᠥᠭᠦᠷᠭᠡᠨ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠨ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠵᠡᠷᠭᠡ ᠭᠤᠤᠯ ᠴᠢᠭᠯᠡᠯ᠂ ᠳᠦᠷᠢᠮ ᠤᠨ ᠰᠢᠨ᠎ᠡ ᠡᠭᠦᠳᠦᠯᠲᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠶᠢᠨ ᠬᠤᠪᠢᠷᠠᠯᠲᠠ᠂ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠲᠣᠭᠲᠠᠴᠠ  ᠶᠢᠨ ᠥᠭᠡᠷᠡᠴᠢᠯᠡᠯᠲᠡ᠂ ᠦᠶᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡᠨ ᠤ ᠵᠦᠢᠯᠡᠰ ᠤᠨ ᠬᠠᠮᠢᠶᠠᠷᠤᠯᠲᠠ᠂ ᠦᠷ᠎ᠡ ᠪᠦᠲᠦᠭᠡᠯ ᠢ ᠬᠤᠪᠢᠷᠠᠭᠤᠯᠬᠤ᠂ ᠲᠠᠪᠴᠠᠩ ᠤᠨ ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠤᠭᠯᠠᠷᠠᠯ ᠢ ᠪᠣᠶᠢᠵᠢᠭᠤᠯᠬᠤ᠂ ᠡᠷᠳᠡᠮ ᠰᠢᠨᠵᠢᠯᠡᠭᠡᠨ ᠤ ᠦᠨᠡᠯᠡᠯᠲᠡ᠂ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠵᠡᠷᠭᠡ ᠬᠠᠯᠠᠭᠤᠨ ᠴᠡᠭ᠂ ᠬᠦᠴᠢᠷ ᠠᠰᠠᠭᠤᠳᠠᠯ᠂ ᠤᠷᠢᠳᠠᠴᠢ ᠴᠢᠨᠠᠷ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠡᠳᠦᠪ ᠰᠣᠩᠭᠤᠬᠤ ᠰᠠᠨᠠᠭᠤᠯᠭ᠎ᠠ ᠳᠤᠷᠠᠳᠬᠤ  ᠃        ᠬᠤᠶᠠᠷ᠂ ᠡᠯᠰᠡᠬᠦ ᠱᠠᠭᠠᠷᠳᠠᠯᠭ᠎ᠠ       1 . ᠰᠡᠳᠦᠪ ᠰᠣᠩᠭᠤᠬᠤ ᠳᠠᠭᠠᠨ ᠳᠡᠭᠡᠳᠦ ᠬᠡᠮᠵᠢᠶ᠎ᠡ ᠪᠠᠷ ᠠᠪᠰᠠᠷᠬᠠᠨ ᠪᠠᠶᠢᠵᠤ᠂ ᠨᠡᠯᠢᠶᠡᠳ ᠴᠢᠩᠭ᠎ᠠ ᠣᠨᠣᠯ ᠤᠨ ᠴᠢᠨᠠᠷ ᠲᠠᠢ ᠪᠠᠶᠢᠬᠤ ᠬᠡᠷᠡᠭᠲᠡᠶ  ᠃       2 . ᠰᠡᠳᠦᠪ ᠰᠣᠩᠭᠤᠬᠤ ᠳᠠᠭᠠᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠷᠠᠯᠠᠬᠢᠯᠠᠯᠳᠤ ᠴᠢᠨᠠᠷ᠂ ᠪᠦᠬᠦ ᠲᠠᠯᠠᠲᠤ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ ᠢ ᠲᠤᠪᠤᠶᠢᠯᠭᠠᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠤᠯᠭᠠᠭᠤᠷᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠵᠣᠷᠢᠯᠲᠠ ᠶᠢ ᠭᠦᠢᠴᠡᠳ ᠢᠯᠡᠷᠡᠭᠦᠯᠬᠦ ᠬᠡᠷᠡᠭᠲᠡᠢ  ᠃        3 . ᠰᠡᠳᠦᠪ ᠰᠣᠩᠭᠤᠬᠤ ᠳᠠᠭᠠᠨ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠢ ᠳᠣᠪᠣᠶᠢᠯᠭᠠᠵᠤ᠂ ᠨᠡᠯᠢᠶᠡᠳ ᠴᠢᠩᠭ᠎ᠠ ᠦᠶᠯᠡᠳᠦᠯᠭᠡ ᠶᠢᠨ ᠠᠴᠢ ᠬᠤᠯᠪᠣᠭᠳᠠᠯ ᠲᠠᠢ ᠪᠠᠶᠢᠬᠤ ᠬᠡᠷᠡᠭᠲᠡᠶ  ᠃       4 . ᠡᠯ᠎ᠡ ᠨᠢᠭᠡᠴᠡ ᠶᠢᠨ ᠰᠣᠩᠭᠤᠨ ᠲᠠᠨᠢᠯᠴᠠᠭᠤᠯᠬᠤ ᠰᠡᠳᠦᠪ ᠡᠩ ᠤᠨ ᠪᠠᠶᠢᠳᠠᠯ ᠳᠤ 10 ᠵᠦᠢᠯ ᠠᠴᠠ ᠢᠯᠡᠭᠦᠦ ᠪᠠᠶᠢᠵᠤ ᠪᠣᠯᠬᠤ ᠦᠭᠡᠶ  ᠃ ᠰᠡᠳᠦᠪ ᠰᠣᠩᠭᠤᠬᠤ ᠰᠠᠨᠠᠭᠤᠯᠭ᠎ᠠ ᠪᠦᠷᠢ ᠨᠢ 300 ᠦᠰᠦᠭ ᠳᠣᠲᠣᠷᠠᠬᠢ ᠰᠤᠳᠤᠯᠭᠠᠨ ᠤ ᠭᠤᠤᠯᠳᠠᠯᠭ᠎ᠠ ᠶᠢ ᠬᠠᠩᠭᠠᠬᠤ ᠬᠡᠷᠡᠭᠲᠡᠶ  ᠃      ᠭᠤᠷᠪᠠ᠂ ᠮᠡᠳᠡᠭᠦᠯᠦᠨ ᠬᠦᠷᠭᠡᠬᠦ ᠠᠷᠭ᠎ᠠ ᠮᠠᠶ᠋ᠢᠭ      ᠡᠯ᠎ᠡ ᠬᠤᠯᠪᠣᠭᠳᠠᠯ ᠪᠥᠬᠦᠶ ᠨᠢᠭᠡᠴᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠢᠳᠡᠪᠬᠢᠲᠡᠶ ᠣᠷᠣᠯᠴᠠᠨ᠂ 《 2023 ᠣᠨ ᠤ ᠥᠪᠡᠷᠲᠡᠭᠡᠨ ᠵᠠᠰᠠᠬᠤ ᠣᠷᠣᠨ ᠤ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠰᠡᠳᠦᠪ ᠡᠯᠰᠡᠬᠦ ᠬᠦᠰᠦᠨᠦᠭᠲᠦ 》 ( ᠳᠠᠭᠠᠯᠳᠤᠭᠤᠯᠤᠯ ᠳᠤ ᠦᠵᠡ ) ᠶᠢ ᠲᠠᠭᠯᠠᠵᠤ᠂ 2023 ᠣᠨ ᠤ 8 ᠳ᠋ᠤᠭᠠᠷ ᠰᠠᠷ᠎ᠠ  ᠶᠢᠨ 26 ᠤ ᠡᠳᠦᠷ ᠠᠴᠠ ᠡᠮᠦᠨ᠎ᠡ ᠰᠡᠳᠦᠪ ᠡᠯᠰᠡᠬᠦ ᠬᠦᠰᠦᠨᠦᠭᠲᠦ ᠶᠢ ᠲᠣᠭᠲᠠᠭᠰᠠᠨ ᠢᠮᠧᠯ ᠳᠤ ᠢᠯᠡᠭᠡᠭᠡᠷᠡᠶ  ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠡᠳᠦᠪ ᠰᠣᠩᠭᠤᠬᠤ ᠰᠠᠨᠠᠭᠤᠯᠭ᠎ᠠ ᠶᠢ ᠰᠢᠭᠰᠢᠨ ᠨᠤᠲᠠᠯᠠᠵᠤ᠂ ᠰᠢᠯᠢᠳᠡᠭ ᠢ  ᠨᠢ ᠰᠣᠩᠭᠤᠨ ᠠᠯᠢ ᠣᠯᠠᠨ ᠰᠡᠳᠦᠪ ᠰᠣᠩᠭᠤᠬᠤ ᠶᠢ 2023 ᠣᠨ ᠤ ᠰᠤᠳᠤᠯᠬᠤ ᠲᠥᠷᠥᠯ ᠵᠦᠶᠯ ᠳᠤ ᠵᠢᠭᠰᠠᠭᠠᠨ ᠣᠷᠣᠭᠤᠯᠤᠨ᠎ᠠ  ᠃             ᠬᠠᠷᠢᠯᠴᠠᠬᠤ ᠬᠥᠮᠦᠨ᠄ ᠰᠦᠨ ᠶᠦᠨ ᠰᠢᠶᠠ ᠬᠠᠷᠢᠯᠴᠠᠬᠤ ᠤᠲᠠᠰᠤ᠄ 0471 - 6328711᠂ 15848136696        ᠰᠢᠦᠳᠠᠨ ᠬᠠᠶᠢᠷᠴᠠᠭ᠄ newlgw @ 163 . com  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号