ᠱᠠᠩᠬᠠᠶ ᠥᠪᠥᠷ ᠮᠣᠩᠭᠤᠯ ᠤᠨ ᠰᠤᠳᠤᠯᠭᠠᠨ ᠤ ᠪᠠᠶᠢᠭᠤᠯᠤᠮᠵᠢ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/12
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠲᠥᠪ ᠬᠥᠭᠵᠢᠭᠰᠡᠨ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠶᠢ ᠢᠳᠡᠪᠬᠢᠲᠡᠶ ᠡᠷᠢᠯᠬᠢᠯᠡᠵᠦ᠂ 2021 ᠣᠨ ᠤ ᠱᠠᠩᠬᠠᠶ ᠥᠪᠥᠷ ᠮᠣᠩᠭᠤᠯ ᠬᠤᠶᠠᠷ ᠭᠠᠵᠠᠷ ᠤᠨ ᠴᠢᠳᠠᠪᠤᠷᠢᠲᠠᠨ ᠪᠠ ᠣᠶᠤᠨ ᠤ ᠰᠣᠯᠢᠯᠴᠠᠭ᠎ᠠ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠱᠠᠩᠬᠠᠶ ᠶᠢᠨ ᠨᠣᠮ ᠤᠨ ᠰᠠᠩ ( ᠱᠠᠩᠬᠠᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠤᠴᠠ ᠮᠡᠳᠡᠭᠡᠨ ᠤ ᠰᠤᠳᠤᠯᠭᠠᠨ ᠤ ᠭᠠᠵᠠᠷ ) ᠲᠠᠢ ᠬᠠᠮᠲᠤᠷᠠᠯᠴᠠᠬᠤ ᠰᠠᠨᠠᠮᠵᠢ ᠪᠣᠯᠵᠣ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠴᠢᠳᠠᠪᠤᠷᠢᠲᠠᠨ ᠤ ᠰᠣᠯᠢᠯᠴᠠᠭ᠎ᠠ ᠪᠠ ᠲᠥᠷᠥᠯ ᠵᠦᠶᠯ ᠤᠨ ᠬᠠᠮᠲᠤᠷᠠᠭᠰᠠᠨ ᠰᠤᠳᠤᠯᠭᠠᠨ ᠢ ᠬᠠᠮᠲᠤ ᠪᠠᠷ ᠠᠬᠢᠭᠤᠯᠤᠨ᠎ᠠ  ᠃ 8 ᠰᠠᠷ᠎ᠠ ᠶᠢᠨ 9 ᠤ ᠡᠳᠦᠷ᠂ ᠬᠤᠶᠠᠷ ᠲᠠᠯ᠎ᠠ ᠪᠠᠷ ᠢᠶᠠᠨ ᠰᠦᠯᠵᠢᠶᠡᠨ ᠳᠡᠭᠡᠷ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠃      ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠤ ᠤᠶᠤᠨ ᠤ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠵᠤ᠂ ᠱᠠᠩᠬᠠᠢ ᠶᠢᠨ ᠴᠢᠳᠠᠪᠤᠷᠢᠲᠠᠨ ᠤ ᠥᠨᠳᠦᠷᠯᠢᠭ ᠭᠠᠵᠠᠷ ᠤᠨ ᠳᠠᠪᠠᠭᠤᠯᠢᠭ ᠢ ᠪᠠᠳᠠᠷᠠᠭᠤᠯᠵᠤ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤ ᠲᠤᠯᠭᠠᠭᠤᠷᠢᠯᠠᠯ ᠬᠠᠩᠭᠠᠨ᠎ᠠ  ᠃ ᠣᠶᠢᠷ᠎ᠠ  ᠶᠢᠨ ᠬᠤᠭᠤᠴᠠᠭᠠᠨ ᠳᠤ ᠴᠢᠳᠠᠪᠤᠷᠢᠲᠠᠨ ᠤ ᠬᠥᠷᠥᠭ ᠵᠢᠷᠤᠭ ᠤᠨ ᠰᠢᠰᠲ᠋ᠧᠮᠵᠢ ᠶᠢᠨ ᠰᠤᠳᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡᠯᠡᠯ ᠤᠨ ᠡᠬᠢ ᠪᠠᠶᠠᠯᠢᠭ ᠤᠨ ᠵᠠᠳᠠᠯᠤᠯᠲᠠ᠂ ᠪᠠᠶᠢᠯᠳᠤᠬᠤ ᠪᠣᠳᠣᠯᠭ᠎ᠠ ᠶᠢᠨ ᠰᠤᠳᠤᠯᠤᠯ  ᠤᠨ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢ ᠭᠤᠤᠯᠳᠠᠯᠭ᠎ᠠ ᠲᠠᠢ ᠥᠷᠨᠢᠭᠦᠯᠬᠦ ᠬᠡᠷᠡᠭᠲᠡᠶ  ᠃       ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠪᠠᠰᠠ ᠤᠶᠤᠨ ᠤ ᠬᠥᠮᠥᠷᠭᠡ ᠶᠢᠨ ᠪᠠᠶᠢᠭᠤᠯᠤᠯᠲᠠ᠂ ᠠᠯᠤᠰ ᠬᠡᠳᠦ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢᠨ ᠰᠤᠳᠤᠯᠭᠠᠨ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠤᠴᠠ ᠮᠡᠳᠡᠭᠡᠨ ᠤ ᠡᠬᠢ ᠪᠠᠶᠠᠯᠢᠭ ᠤᠨ ᠵᠠᠳᠠᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠶᠢ ᠤᠷᠢᠳᠴᠢᠯᠠᠨ ᠰᠤᠳᠤᠯᠬᠤ ᠵᠡᠷᠭᠡ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠠᠵᠢᠯ ᠢ ᠬᠠᠮᠲᠤ ᠪᠠᠷ ᠠᠬᠢᠭᠤᠯᠤᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号