ᠬᠥᠯᠥᠨ ᠪᠣᠶᠢᠷ ᠬᠤᠲᠠ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠵᠦᠶᠯᠡᠰ ᠤᠨ ᠨᠡᠷᠡᠰ ᠤᠨ ᠵᠢᠭᠰᠠᠭᠠᠯᠲᠠ ᠶᠢ ᠠᠩᠬ᠎ᠠ ᠤᠳᠠᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2022/8/8
     ᠣᠶᠢᠷ᠎ᠠ ᠳᠤ᠂ ᠬᠥᠯᠥᠨ ᠪᠣᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠯᠥᠨ ᠪᠣᠶᠢᠷ ᠬᠤᠲᠠ ᠶᠢᠨ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠵᠦᠶᠯᠡᠰ ᠤᠨ ᠨᠡᠷᠡᠰ ᠤᠨ ᠵᠢᠭᠰᠠᠭᠠᠯᠲᠠ ᠶᠢ ᠠᠩᠬ᠎ᠠ ᠤᠳᠠᠭ᠎ᠠ ᠨᠡᠶᠢᠲᠡᠯᠡᠪᠡ  ᠃ ᠬᠥᠯᠥᠨ ᠪᠤᠶᠢᠷ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠪᠣᠯᠤᠨ ᠠᠵᠤ ᠠᠬᠤᠶᠢᠯᠠᠯ ᠤᠨ ᠪᠠᠴᠢᠮ ᠬᠡᠷᠡᠭᠰᠡᠬᠦ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠣᠭᠤᠷᠢᠨ ᠳᠤ᠂ ᠳᠤᠲᠠᠭᠳᠠᠵᠤ ᠪᠠᠶᠢᠭ᠎ᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠡᠯᠰᠡᠨ ᠴᠤᠭᠯᠠᠭᠤᠯᠬᠤ ᠠᠵᠢᠯ  ᠢ ᠥᠷᠨᠢᠭᠦᠯᠦᠨ᠎ᠡ᠂ ᠲᠤᠰᠬᠠᠶ ᠮᠡᠷᠭᠡᠵᠢᠯᠲᠡᠨ ᠤ ᠦᠨᠡᠯᠡᠯᠲᠡ ᠨᠤᠲᠠᠯᠠᠯᠲᠠ ᠪᠠᠷ ᠳᠠᠮᠵᠢᠨ᠂ ᠡᠴᠦᠰ ᠲᠡᠭᠡᠨ 《 ᠡᠷᠲᠡ ᠪᠣᠯᠪᠠᠰᠤᠷᠠᠭᠰᠠᠨ ᠥᠨᠳᠥᠷ ᠤᠨᠠᠯᠲᠠ ᠲᠠᠢ ᠴᠢᠨᠠᠷ ᠰᠠᠶᠢᠲᠠᠶ ᠡᠪᠡᠰᠦ ᠠᠷᠢᠯᠭᠠᠭᠴᠢ ᠶᠢ ᠡᠰᠡᠷᠭᠦᠴᠡᠬᠦ ᠰᠢᠷ᠎ᠠ ᠪᠤᠷᠴᠠᠭ  ᠤᠨ ᠲᠥᠷᠥᠯ ᠵᠦᠶᠯ ᠢ ᠰᠣᠩᠭᠤᠨ ᠪᠣᠶᠢᠵᠢᠭᠤᠯᠬᠤ ᠵᠢᠴᠢ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ 》᠂ 《 ᠬᠥᠯᠥᠨ ᠪᠣᠶᠢᠷ ᠤᠨ ᠬᠤᠨᠢᠨ ᠤ ᠰᠢᠯᠢᠳᠡᠭ ᠢ ᠨᠢ ᠰᠣᠩᠭᠤᠵᠤ ᠴᠢᠨᠠᠷ ᠢ ᠨᠢ ᠳᠡᠭᠡᠭᠰᠢᠯᠡᠭᠦᠯᠬᠦ ᠬᠢᠭᠡᠳ ᠠᠵᠤ ᠦᠶᠢᠯᠡᠰᠵᠢᠯᠲᠡ ᠶᠢᠨ ᠥᠨᠳᠥᠷ ᠪᠦᠲᠦᠮᠵᠢᠲᠡᠶ ᠠᠰᠢᠭᠯᠠᠬᠤ ᠮᠡᠷᠭᠡᠵᠢᠯ ᠤᠨ ᠰᠤᠳᠤᠯᠭᠠᠨ 》᠂ 《 ᠴᠠᠷᠳᠠᠭᠤᠯ ᠶᠡᠬᠡᠲᠡᠶ ᠲᠥᠮᠥᠰᠥ ᠶᠢᠨ ᠲᠥᠷᠥᠯ ᠵᠦᠶᠯ ᠢ ᠡᠭᠦᠳᠦᠨ ᠪᠦᠲᠦᠭᠡᠬᠦ᠂ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠠ ᠢᠵᠢ ᠪᠦᠷᠢᠳᠦᠭᠦᠯᠦᠨ ᠳᠠᠷᠢᠵᠤ ᠪᠣᠶᠢᠵᠢᠭᠤᠯᠬᠤ ᠮᠡᠷᠭᠡᠵᠢᠯ ᠤᠨ ᠰᠤᠳᠤᠯᠭᠠᠨ 》᠂ 《 ᠲᠠᠷᠢᠶᠠᠯᠠᠩ ᠳᠤ ᠬᠡᠷᠡᠭᠯᠡᠬᠦ ᠲᠣᠮᠣ ᠬᠡᠯᠪᠡᠷᠢ ᠶᠢᠨ ᠳᠡᠭᠡᠳᠦ ᠲᠠᠰ ᠤᠨ ᠳᠥᠷᠪᠡᠨ ᠬᠦᠷᠳᠦ ᠪᠠᠷ ᠬᠦᠨᠳᠦ ᠠᠴᠢᠶᠠᠨ ᠤ ᠳᠠᠷᠠᠭᠠᠬᠢ ᠬᠥᠳᠡᠯᠭᠡᠭᠦᠷ ᠤᠨ ᠬᠥᠭᠦᠷᠭᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ 》᠂ 《 ᠡᠪᠡᠰᠦ ᠶᠢ ᠪᠣᠭᠤᠵᠢᠯᠠᠵᠤ ᠤᠰᠤ ᠶᠢ ᠬᠠᠳᠠᠭᠠᠬᠤ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠬᠢᠭᠡᠳ ᠨᠡᠭᠡᠭᠡᠨ ᠬᠥᠭᠵᠢᠭᠦᠯᠦᠯᠲᠡ 》 ᠵᠡᠷᠭᠡ 5 ᠴᠢᠬᠤᠯᠠ ᠶᠡᠭᠡ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠦᠴᠢᠷ ᠠᠰᠠᠭᠤᠳᠠᠯ  ᠃ ᠬᠡᠷᠡᠭᠴᠡᠭᠡ ᠱᠠᠭᠠᠷᠳᠠᠯᠭ᠎ᠠ  ᠶᠢᠨ ᠨᠡᠷᠡᠰ ᠤᠨ ᠵᠢᠭᠰᠠᠭᠠᠯᠲᠠ ᠶᠢ ᠬᠤᠲᠠ ᠶᠢᠨ ᠳᠣᠲᠣᠷᠠᠬᠢ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠲᠠᠢ ᠬᠠᠮᠲᠤᠷᠠᠨ ᠬᠠᠮᠲᠤᠪᠠᠷ ᠨᠡᠷᠡᠰ ᠤᠨ ᠵᠢᠭᠰᠠᠭᠠᠯᠲᠠ  ᠶᠢ ᠨᠡᠶᠢᠲᠡᠯᠡᠨ ᠪᠣᠭᠤᠮᠲᠠ ᠰᠢᠪᠲᠤᠯᠵᠤ᠂ ᠬᠥᠯᠥᠨ ᠪᠣᠶᠢᠷ ᠬᠤᠲᠠ ᠶᠢᠨ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠶᠢᠨ 《 ᠪᠣᠭᠤᠮᠢ 》 ᠶᠢᠨ ᠮᠡᠷᠭᠡᠵᠢᠯ᠂ ᠵᠠᠩᠭᠢᠯᠠᠭ᠎ᠠ ᠶᠢᠨ ᠰᠡᠯᠪᠢᠭ ᠲᠣᠨᠤᠭ ᠵᠢᠴᠢ ᠭᠠᠷ ᠤᠷᠠᠯᠠᠯ ᠵᠡᠷᠭᠡ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠵᠤ᠂ ᠠᠵᠤ ᠦᠶᠯᠡᠰ ᠤᠨ ᠬᠥᠭᠵᠢᠯᠲᠡ ᠶᠢᠨ ᠮᠡᠷᠭᠡᠵᠢᠯ ᠤᠨ ᠪᠣᠭᠤᠮᠢ ᠶᠢ ᠰᠢᠪᠲᠤᠯᠤᠨ᠎ᠠ  ᠃      2022 ᠣᠨ ᠳᠤ᠂ ᠬᠥᠯᠥᠨ ᠪᠣᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠪᠠᠶᠢᠭᠤᠯᠬᠤ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠵᠦ᠂ 《 ᠵᠠᠷᠯᠠᠯ ᠨᠡᠶᠢᠲᠡᠯᠡᠬᠦ ᠪᠠᠷ ᠮᠠᠩᠯᠠᠶᠢᠯᠠᠭᠤᠯᠬᠤ 》 ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 《 ᠵᠠᠰᠠᠭ ᠤᠨ ᠣᠷᠳᠣᠨ ᠠᠴᠠ ᠰᠡᠳᠦᠪ ᠭᠠᠷᠭᠠᠬᠤ 》 ᠪᠠ 《 ᠠᠵᠤ ᠠᠬᠤᠶᠢᠯᠠᠯ᠂ ᠵᠠᠰᠠᠭ ᠤᠨ ᠣᠷᠳᠣᠨ᠂ ᠲᠤᠰᠬᠠᠶ ᠮᠡᠷᠭᠡᠵᠢᠯᠲᠡᠨ ᠬᠠᠮᠲᠤᠷᠠᠨ ᠰᠡᠳᠦᠪ ᠭᠠᠷᠭᠠᠬᠤ 》 ᠶᠢ ᠬᠠᠷᠢᠯᠴᠠᠨ ᠤᠶᠠᠯᠳᠤᠭᠤᠯᠤᠭᠰᠠᠨ ᠨᠡᠷᠡᠰ ᠭᠠᠷᠭᠠᠬᠤ ᠲᠣᠭᠲᠠᠴᠠ ᠶᠢ ᠬᠡᠷᠡᠭᠵᠢᠭᠦᠯᠪᠡ  ᠃ 《 ᠰᠠᠮᠪᠠᠷ᠎ᠠ ᠰᠡᠬᠦᠵᠦ ᠮᠠᠩᠯᠠᠶᠢᠯᠠᠭᠤᠯᠬᠤ 》 ᠪᠣᠯ ᠬᠥᠯᠥᠨ ᠪᠣᠶᠢᠷ ᠬᠤᠲᠠ  ᠶᠢᠨ 《 ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠭᠤᠤᠯᠳᠠᠯᠭ᠎ᠠ ᠲᠠᠢ ᠠᠵᠤ ᠦᠶᠯᠡᠰ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠦᠴᠦᠲᠡᠶ ᠠᠷᠭ᠎ᠠ ᠬᠡᠮᠵᠢᠶ᠎ᠡ ᠪᠣᠯᠤᠨ᠎ᠠ  ᠃ 《 ᠰᠠᠮᠪᠠᠷ᠎ᠠ ᠰᠡᠬᠦᠵᠦ ᠮᠠᠩᠯᠠᠶᠢᠯᠠᠭᠤᠯᠬᠤ 》 ᠨᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠤᠨ ᠰᠡᠳᠦᠪ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠮᠠᠶ᠋ᠢᠭ ᠢ ᠬᠤᠪᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠠᠩ ᠣᠯᠠᠨ ᠡᠵᠡᠨ ᠮᠡᠳᠡᠬᠦ ᠡᠷᠬᠡ ᠣᠯᠭᠤᠵᠤ᠂ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢ ᠳᠠᠶᠢᠴᠢᠯᠠᠨ ᠪᠣᠳᠠᠲᠤ ᠴᠢᠨᠠᠷᠲᠠᠶ ᠬᠠᠮᠲᠤᠷᠠᠯᠴᠠᠭ᠎ᠠ ᠶᠢ ᠪᠦᠷᠢᠯᠳᠦᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ ᠲᠦᠷᠭᠡᠨ ᠰᠢᠶᠳᠪᠦᠷᠢᠯᠡᠵᠦ᠂ ᠬᠤᠲᠠ ᠶᠢᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠶᠢ ᠨᠠᠩ ᠴᠢᠩᠭᠠᠳᠬᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠬᠢᠵᠠᠭᠠᠷ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ  ᠢ 《 ᠳᠥᠷᠪᠡ ᠶᠢ ᠬᠤᠶᠠᠷ ᠢᠶᠠᠷ ᠮᠢᠩᠭᠠᠨ ᠵᠢᠩ ᠠᠷᠢᠯᠭᠠᠬᠤ 》 ᠦᠶᠯᠡᠳᠦᠯ ᠦᠵᠡᠭᠦᠯᠵᠦ᠂ ᠰᠠᠶᠢᠨ ᠪᠣᠯᠣᠳ ᠢ ᠦᠨᠡᠨ ᠬᠦ ᠬᠡᠷᠡᠭᠴᠡᠭᠡ ᠲᠠᠢ ᠭᠠᠵᠠᠷ ᠲᠤ ᠬᠡᠷᠡᠭᠯᠡᠭᠰᠡᠨ ᠭᠡᠵᠦ ᠬᠡᠯᠡᠵᠦ ᠪᠣᠯᠤᠨ᠎ᠠ  ᠃      ᠲᠠᠷᠠᠭᠠᠴᠢ ᠶᠢᠨ ᠠᠯᠬᠤᠮ ᠳᠤ᠂ ᠬᠥᠯᠥᠨ ᠪᠣᠶᠢᠷ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ  ᠶᠢ ᠭᠦᠨᠵᠡᠭᠡᠶ ᠠᠬᠢᠭᠤᠯᠵᠤ᠂ 《 ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ 》 ᠲᠥᠷᠥᠯ ᠵᠦᠶᠯ ᠢ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠶᠢ ᠲᠦᠷᠭᠡᠳᠬᠡᠨ ᠬᠡᠷᠡᠭᠵᠢᠭᠦᠯᠵᠦ᠂ ᠡᠷᠳᠡᠮᠲᠡᠨ ᠴᠢᠳᠠᠪᠤᠷᠢᠲᠠᠨ ᠢ ᠡᠯᠰᠡᠨ᠂ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠣᠷᠣᠨ ᠤ ᠳᠣᠲᠣᠨ᠎ᠠ ᠭᠠᠳᠠᠨᠠᠬᠢ ᠰᠢᠨ᠎ᠡ ᠶᠢ ᠡᠭᠦᠳᠬᠦ ᠳᠠᠪᠠᠭᠤᠯᠢᠭ ᠡᠬᠢ ᠪᠠᠶᠠᠯᠢᠭ ᠢ ᠬᠥᠯᠥᠨ ᠪᠣᠶᠢᠷ ᠲᠤ ᠴᠤᠭᠯᠠᠭᠤᠯᠬᠤ ᠶᠢ ᠭᠦᠶᠴᠡᠳ ᠳᠠᠶᠢᠴᠢᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤᠮᠳᠠᠬᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ  ᠃
 
ᠢᠷᠡᠯᠲᠡ᠄ ᠬᠥᠯᠥᠨ ᠪᠣᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号