2021 ᠣᠨ ᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/8/8
  《 ᠡᠨᠡ ᠬᠡᠳᠦᠨ ᠵᠢᠯ ᠳᠤ ᠪᠢᠳᠡ ᠪᠤᠭᠤᠲᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠬᠦᠷᠢᠶᠡᠯᠡᠩ ᠲᠣᠭᠤᠷᠢᠭ ᠤᠨ ᠪᠣᠶᠢᠵᠢᠭᠤᠯᠤᠭᠰᠠᠨ ᠲᠥᠪᠡᠳ ᠬᠠᠰᠢ ᠶᠢᠨ ᠰᠢᠨ᠎ᠡ ᠡᠭᠦᠯᠳᠡᠷ ᠢ ᠣᠷᠣᠭᠤᠯᠵᠤ ᠠᠪᠴᠢᠷᠠᠬᠤ ᠪᠠᠷ ᠳᠡᠮᠵᠢᠨ᠂ ᠮᠥ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 2 . 3 ᠲᠦᠮᠡᠨ ᠲᠥᠭᠦᠷᠢᠭ ᠣᠷᠴᠢᠮ ᠬᠦᠷᠴᠦ᠂ ᠣᠲᠣ 2 ᠮᠥ ᠭᠠᠵᠠᠷ ᠤᠨ ᠣᠷᠣᠯᠭ᠎ᠠ ᠨᠢ ᠥᠩᠭᠡᠷᠡᠭᠰᠡᠨ ᠤ 3 ᠮᠥ ᠭᠠᠵᠠᠷ ᠤᠨ ᠣᠷᠣᠯᠭ᠎ᠠ ᠶᠢ ᠲᠤᠯᠭᠠᠨ ᠪᠤᠳᠤᠵᠤ ᠪᠣᠯᠤᠨ᠎ᠠ  ᠃ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠬᠠᠶ ᠽᠢ ᠲᠣᠰᠬᠤᠨ ᠤ ᠪᠣᠬᠢᠷᠲᠤᠯ ᠥᠬᠡᠶ ᠢᠳᠡᠰᠢᠨ ᠨᠣᠭᠤᠭ᠎ᠠ ᠶᠢᠨ ᠡᠵᠡᠩᠨᠡᠯᠲᠡ ᠶᠢᠨ ᠨᠡᠶᠢᠭᠡᠮᠯᠢᠭ ᠤᠨ ᠶᠠᠩ ᠰᠦᠦᠸ᠋ ᠰᠢᠶᠤᠤ ᠲᠠᠨᠢᠯᠴᠠᠭᠤᠯᠬᠤ ᠳᠠᠭᠠᠨ  ᠃      ᠭᠤᠷᠪᠠᠨ ᠵᠢᠯ ᠭᠠᠷᠤᠶ ᠶᠢᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠣᠳᠣᠬᠠᠨ ᠳᠤ ᠥᠪᠥᠷ ᠮᠣᠩᠭᠤᠯ  ᠤᠨ ᠪᠤᠭᠤᠲᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠭᠤᠤᠯ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 100 %  ᠳᠤ ᠬᠦᠷᠴᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠪᠦᠷᠬᠦᠴᠡ ᠶᠢᠨ ᠨᠣᠷᠮ᠎ᠠ 95 % ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠨᠣᠷᠮ᠎ᠠ 75 % ᠳᠤ ᠬᠦᠷᠴᠦ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 2 . 5 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠡᠶ  ᠃       ᠪᠤᠭᠤᠲᠤ ᠶᠢᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠣᠯ ᠵᠥᠪᠬᠡᠨ ᠪᠦᠬᠦ ᠣᠷᠣᠨ ᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠬᠤᠷᠢᠶᠠᠩᠭᠤᠢ ᠳᠦᠷᠰᠦ ᠪᠣᠯᠤᠨ᠎ᠠ  ᠃ 2021 ᠣᠨ ᠠᠴᠠ ᠨᠠᠰᠢ᠂ ᠪᠥᠬᠦ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠠᠵᠢᠯ ᠳᠤ 《 ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠬᠤ᠂ ᠲᠠᠷᠢᠶᠠᠴᠢᠳ ᠠᠰᠢᠭ ᠭᠥᠷᠳᠡᠬᠦ 》 ᠵᠠᠷᠴᠢᠮ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠶᠯᠡᠴᠢᠯᠡᠭᠡᠨ ᠤ ᠴᠢᠳᠠᠮᠵᠢ ᠶᠢ ᠡᠳᠦᠷ ᠢᠷᠡᠬᠦᠶ᠎ᠡ ᠢᠯᠡᠷᠡᠭᠦᠯᠵᠦ᠂ ᠥᠨᠳᠥᠷ ᠪᠦᠲᠦᠮᠵᠢᠲᠡᠶ ᠬᠥᠭᠵᠢᠯᠲᠡ ᠶᠢᠨ ᠪᠠᠶᠢᠳᠠᠯ ᠢᠯᠡᠷᠡᠪᠡ  ᠃     ᠣᠳᠣᠬᠠᠨ ᠳᠤ᠂ ᠪᠥᠬᠦ ᠣᠷᠣᠨ ᠳᠤ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ 1᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 8᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ  ᠤᠨ ᠬᠦᠷᠢᠶᠡᠯᠡᠩ ᠲᠣᠭᠤᠷᠢᠭ 38 ᠪᠠᠶᠢᠵᠤ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠱᠠᠲᠤᠯᠢᠭ ᠬᠥᠭᠵᠢᠭᠰᠡᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠰᠲ᠋ᠧᠮᠵᠢ ᠶᠢ ᠠᠩᠬ᠎ᠠ ᠠᠯᠬᠤᠮ ᠪᠣᠶ ᠪᠣᠯᠭᠠᠪᠠ  ᠃      2021 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠢ ᠬᠡᠷᠡᠭᠵᠢᠭᠦᠯᠵᠦ᠂ ᠪᠠᠶᠠᠨᠨᠠᠭᠤᠷ ᠬᠤᠳᠠ ᠶᠢᠨ ᠤᠯᠤᠰ ᠤᠨ ᠲᠠᠷᠢᠶᠠᠯᠠᠩ ᠤᠨ ᠥᠨᠳᠥᠷ ᠲᠦᠪᠰᠢᠨ ᠲᠠᠢ ᠣᠷᠣᠨ ᠪᠠᠶᠢᠭᠤᠯᠬᠤ ᠶᠢ ᠠᠬᠢᠭᠤᠯᠬᠤ ᠭᠤᠣᠯᠳᠠᠯᠭ᠎ᠠ ᠲᠠᠢ ᠲᠤᠰᠬᠠᠢ ᠲᠦᠷᠦᠯ ᠤᠨ ᠵᠠᠷᠤᠳᠠᠯ 5000 ᠲᠦᠮᠡᠨ ᠲᠥᠭᠦᠷᠢᠭ ᠲᠤ ᠬᠦᠷᠴᠡᠢ  ᠃ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠤᠰᠢᠭᠤᠯᠬᠤ 19 ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠲᠠᠭᠤ ᠴᠢᠨᠠᠷᠲᠤ ᠪᠣᠭᠤᠳᠠᠶ᠂ ᠢᠳᠡᠰᠢᠨ ᠬᠤᠨᠢ ᠵᠡᠷᠭᠡ ᠭᠤᠤᠯᠯᠠᠬᠤ ᠠᠵᠤ ᠦᠶᠯᠡᠰ ᠲᠤ ᠴᠢᠭᠯᠡᠭᠦᠯᠦᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠬᠠᠲᠠᠭᠤ ᠴᠢᠨᠠᠷᠲᠤ ᠪᠣᠭᠤᠳᠠᠶ᠂ ᠢᠳᠡᠰᠢᠨ ᠬᠤᠨᠢ᠂ ᠨᠡᠷᠡᠨ ᠬᠤᠸᠠᠷ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ 2022 ᠣᠨ ᠤ 4 ᠰᠠᠷ᠎ᠠ ᠳᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠣᠷᠣᠨ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠤᠯᠪᠠ  ᠃ ᠪᠠᠶᠠᠨᠨᠠᠭᠤᠷ᠂ ᠲᠦᠩᠯᠢᠶᠣᠤ᠂ ᠣᠷᠳᠣᠰ ᠭᠤᠷᠪᠠᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠦᠨᠡᠯᠡᠨ ᠵᠢᠱᠢᠯᠲᠡ ᠶᠢ ᠥᠩᠭᠡᠷᠡᠭᠡᠵᠦ᠂ ᠬᠤᠷᠢᠨᠭᠡᠷ ᠤᠯᠤᠰ ᠤᠨ ᠲᠠᠷᠢᠶᠠᠯᠠᠩ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠳᠠᠬᠢᠨ ᠦᠨᠡᠯᠡᠨ ᠵᠢᠱᠢᠯᠲᠡ ᠶᠢ ᠥᠩᠭᠡᠷᠡᠭᠡᠪᠡ  ᠃       ᠡᠭᠦᠨ ᠤ ᠬᠠᠮᠲᠤ᠂ ᠬᠦᠷᠢᠶᠡᠯᠡᠩ ᠲᠣᠭᠤᠷᠢᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠪᠠᠷ ᠳᠡᠮᠵᠢᠨ᠂ ᠦᠶᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ ᠣᠨᠳᠣᠤᠰᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠬᠤ ᠵᠢᠴᠢ ᠠᠵᠢᠯ ᠮᠡᠷᠭᠡᠵᠢᠯ ᠤᠨ ᠲᠠᠷᠢᠶᠠᠴᠢᠳ ᠢ ᠪᠣᠯᠪᠠᠰᠤᠷᠠᠭᠤᠯᠵᠤ᠂ ᠦᠶᠯᠡᠳᠪᠦᠷᠢᠯᠡᠯ ᠤᠨ ᠮᠡᠷᠭᠡᠵᠢᠯ ᠤᠨ ᠲᠦᠪᠰᠢᠨ ᠪᠠ ᠠᠵᠤ ᠦᠶᠯᠡᠰ ᠤᠨ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ  ᠃      ᠣᠳᠣᠬᠠᠨ ᠪᠣᠯᠲᠠᠯ᠎ᠠ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠠᠺᠠᠳᠧᠮᠢᠴᠢ ᠶᠢᠨ ᠠᠵᠢᠯ ᠤᠨ ᠥᠷᠲᠡᠭᠡ ᠨᠡᠶᠢᠲᠡ 14᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ 6᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 10᠂ ᠰᠤᠳᠤᠯᠤᠨ ᠨᠡᠭᠡᠭᠡᠬᠦ ᠪᠠᠶᠢᠭᠤᠯᠤᠮᠵᠢ 78 ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡ 62 ᠵᠦᠶᠯ ᠬᠤᠪᠢᠷᠠᠭᠤᠯᠵᠤ᠂ ᠮᠡᠷᠭᠡᠵᠢᠯ ᠳᠡᠯᠭᠡᠷᠡᠭᠦᠯᠬᠦ ᠲᠥᠷᠥᠯ ᠵᠦᠶᠯ 49᠂ ᠳᠡᠯᠭᠡᠷᠡᠭᠦᠯᠬᠦ ᠲᠥᠷᠥᠯ ᠵᠦᠶᠯ 122᠂ ᠳᠡᠯᠭᠡᠷᠡᠭᠦᠯᠬᠦ ᠲᠥᠬᠦᠭᠡᠷᠦᠮᠵᠢ 19 ᠵᠦᠶᠯ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠤᠭ᠎ᠠ 474 ᠬᠥᠮᠦᠨ᠂ ᠰᠢᠩ ᠴᠤᠸᠠᠩ ᠲᠢᠶᠠᠨ ᠳ᠋ᠢ 12 ᠳᠤ ᠬᠦᠷᠴᠦ᠂ ᠡᠯ᠎ᠡ ᠵᠦᠶᠯ  ᠤᠨ ᠬᠡᠯᠪᠡᠷᠢ ᠪᠠᠷ ᠳᠠᠮᠵᠢᠭᠤᠯᠤᠨ ᠲᠠᠷᠢᠶᠠᠴᠢᠳ ᠢ 1 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠵᠤ᠂ ᠬᠦᠷᠢᠶᠡᠯᠡᠩ ᠲᠣᠭᠤᠷᠢᠭ ᠠᠴᠠ 16 ᠲᠦᠮᠡᠨ ᠲᠠᠷᠢᠶᠠᠴᠢᠨ ᠡᠷᠦᠬᠡ ᠶᠢ ᠳᠠᠶᠢᠴᠢᠯᠠᠪᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号