ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠪᠠᠨ ᠪᠡᠯᠭᠡᠯᠡᠬᠦ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2022/8/9
      8 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠪᠠᠨ ᠪᠡᠯᠭᠡᠯᠡᠬᠦ ᠶᠡᠭᠡ ᠬᠤᠷᠠᠯ ᠬᠢᠪᠠ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠹᠦ᠋ ᠲᠢᠶᠠᠨ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠣᠣ ᠶᠢᠨ ᠼᠠᠢ ᠬᠤᠷᠠᠯ ᠳᠤ ᠣᠷᠣᠯᠴᠠᠪᠠ  ᠃       ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠳᠤ ᠪᠠᠶᠠᠷ ᠬᠦᠷᠭᠡᠵᠦ᠂ 70 ᠵᠢᠯ ᠤᠨ ᠲᠤᠷᠰᠢᠬᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠭᠦᠶᠴᠡᠳ ᠨᠤᠲᠠᠯᠠᠪᠠ  ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠤᠷᠭᠠᠭᠤᠯᠢ ᠶᠢᠨ ᠠᠭᠤᠯᠤᠭᠳᠠᠬᠤᠨ ᠮᠠᠶ᠋ᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠡᠷᠢᠭᠦᠨ ᠵᠡᠷᠭᠡ ᠶᠢᠨ ᠪᠠᠭᠰᠢ  ᠶᠢᠨ ᠶᠡᠭᠡ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠮ ᠪᠣᠯᠤᠨ ᠤᠯᠤᠰ ᠲᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠨᠠᠩ ᠣᠯᠠᠨ ᠰᠢᠨ᠎ᠡ ᠬᠥᠮᠦᠨ ᠢ ᠬᠥᠮᠦᠵᠢᠭᠦᠯᠵᠦ ᠥᠭᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号