ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠦ᠋ᠦ ᠹᠦ᠋ ᠲᠣᠰᠬᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/1/10
    1 ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠺᠦᠩ ᠶᠠᠨ ᠨᠠᠷ ᠦᠴᠤᠸᠠᠨ ᠰᠢᠶᠠᠨ ᠤ ᠱᠠᠩᠲᠤᠬᠠᠢ ᠰᠢᠶᠠᠩ ᠤᠨ ᠡᠦ ᠵᠢᠶᠠ ᠲᠣᠰᠬᠤᠨ ᠳᠤ ᠬᠦᠷᠴᠦ ᠪᠦ᠋ᠦ ᠹᠦ᠋ ᠲᠣᠰᠬᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠲᠤᠯᠭᠠᠭᠤᠷᠢᠯᠠᠬᠤ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠪᠦ᠋ᠦ ᠹᠦ᠋ ᠲᠣᠰᠬᠤᠨ ᠳᠤ 10 ᠲᠦᠮᠡᠨ ᠲᠥᠭᠦᠷᠢᠭ ᠤᠨ ᠥᠷᠲᠡᠭ ᠪᠥᠬᠦᠶ 10 ᠬᠠᠷ᠎ᠠ ᠶᠠᠰᠤᠲᠤ ᠢᠮᠠᠭᠠᠨ ᠤ ᠬᠤᠴᠠ ᠬᠦᠷᠭᠡᠪᠡ  ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠬᠥᠳᠡᠭᠡ ᠲᠣᠰᠬᠤᠨ ᠤ ᠰᠠᠯᠠᠭ᠎ᠠ ᠶᠢᠨ ᠳᠠᠷᠤᠭ᠎ᠠ ᠯᠢᠦ ᠪᠥᠸᠧ ᠵᠢᠴᠢ ᠬᠤᠯᠪᠣᠭᠳᠠᠯ ᠪᠦᠬᠦᠢ ᠠᠵᠢᠯᠲᠠᠨ ᠪᠠᠷ᠎ᠠ ᠪᠣᠯᠪᠠ  ᠃     ᠤᠢᠢᠷ᠎ᠠ ᠶᠢᠨ ᠵᠢᠯ ᠠᠴᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠣᠪᠴᠢᠶ᠎ᠠ ᠢᠮᠠᠭᠲᠠ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠨᠢᠭᠡᠳᠦᠭᠡᠷ ᠱᠦᠵᠢ ᠶᠢ ᠲᠣᠮᠢᠯᠠᠨ ᠰᠠᠭᠤᠯᠭᠠᠬᠤ ᠠᠵᠢᠯ ᠤᠨ ᠡᠮᠦᠨ᠎ᠡ ᠬᠠᠷᠠᠭᠤᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠠᠭᠠᠭᠠᠴᠢᠯᠠᠨ ᠲᠡᠳᠬᠦᠬᠦ ᠲᠣᠰᠬᠤᠨ ᠲᠠᠢ ᠬᠠᠮᠲᠤ ᠪᠠᠷ ᠭᠠᠷᠲᠠᠴᠠ ᠪᠠᠨ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠡᠬᠢ ᠪᠠᠶᠠᠯᠢᠭ  ᠢ ᠬᠤᠷᠠᠮᠳᠤᠭᠤᠯᠵᠤ᠂ ᠦᠢᠯᠡᠳᠪᠦᠷᠢᠯᠡᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠨᠡᠮᠡᠷᠢᠯᠡᠪᠡ  ᠃ ᠳᠡᠭᠡᠷ᠎ᠡ ᠲᠣᠬᠤᠢ ᠰᠢᠶᠠᠩ ᠤᠨ ᠡᠦ ᠵᠢᠶᠠ ᠲᠣᠰᠬᠤᠨ ᠳᠤ᠂ ᠯᠢ ᠺᠦᠩ ᠶᠠᠨ ᠨᠠᠷ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠠᠩ ᠬᠤᠩ ᠴᠢ ᠶᠢ ᠪᠣᠯᠭᠤᠭᠠᠨ ᠦᠵᠡᠪᠡ᠂ ᠲᠤᠬᠠᠶ ᠶᠢᠨ ᠭᠠᠵᠠᠷ ᠲᠤ ᠲᠣᠰᠬᠤᠨ ᠤ ᠳᠦᠷᠢ ᠲᠥᠷᠬᠦ ᠪᠠ ᠠᠵᠢᠯᠯᠠᠬᠤ ᠭᠠᠵᠠᠷ ᠢ ᠪᠠᠶᠢᠴᠠᠭᠠᠨ ᠦᠵᠡᠪᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠶᠠᠯᠳᠤᠭᠤᠯᠬᠤ ᠶᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠂ ᠲᠡᠷᠡᠴᠢᠯᠡᠨ ᠶᠠᠩ ᠬᠤᠩ ᠴᠢ ᠵᠡᠷᠭᠡ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠂ ᠨᠢᠭᠡᠳᠦᠭᠡᠷ ᠱᠦᠵᠢ ᠶᠢᠨ ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠂ ᠭᠠᠴᠠᠭᠠᠨ ᠤ ᠠᠷᠠᠳ ᠤᠨ ᠦᠢᠯᠡᠳᠪᠦᠷᠢᠯᠡᠯ᠂ ᠠᠮᠢᠳᠤᠷᠠᠬᠤ᠂ ᠣᠷᠣᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠰᠬᠤᠨ ᠤ ᠠᠷᠠᠳ ᠤᠨ ᠣᠳᠣᠬᠠᠨ ᠤ ᠡᠷᠡᠭᠦᠯ ᠮᠡᠨᠳᠦ ᠵᠢᠴᠢ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠵᠡᠷᠭᠡ ᠪᠠᠶᠢᠳᠠᠯ᠂ ᠲᠣᠰᠬᠤᠨ ᠤ ᠠᠷᠠᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ  ᠢ ᠭᠦᠶᠴᠡᠳ ᠪᠠᠳᠠᠷᠠᠭᠤᠯᠬᠤ ᠬᠡᠷᠡᠭᠲᠡᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠶᠯᠡᠳᠦᠯ ᠢ ᠠᠰᠢᠭᠯᠠᠬᠤ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠬᠢᠭᠡᠳ ᠦᠢᠯᠡᠴᠢᠯᠡᠭᠡᠨ ᠢ ᠰᠠᠶᠢᠲᠤᠷ ᠬᠢᠨ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ ᠲᠠᠷᠢᠮᠠᠯ  ᠤᠨ ᠦᠶᠯᠡᠰ ᠢ ᠬᠥᠭᠵᠢᠭᠦᠯᠦᠨ᠎ᠡ᠂ ᠲᠡᠵᠢᠭᠡᠨ ᠦᠷᠡᠵᠢᠭᠦᠯᠬᠦ ᠦᠶᠯᠡᠰ ᠬᠠᠮᠢᠶ᠎ᠠ ᠪᠦᠬᠦᠢ ᠰᠠᠨᠠᠭᠤᠯᠭ᠎ᠠ ᠭᠠᠷᠭᠠᠪᠠ  ᠃     ᠲᠣᠰ ᠤᠳᠠᠭ᠎ᠠ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠪᠦ᠋ᠦ ᠹᠦ᠋ ᠲᠣᠰᠬᠤᠨ ᠳᠤ ᠪᠡᠯᠡᠭᠯᠡᠭᠰᠡᠨ ᠲᠠᠯ᠎ᠠ ᠨᠤᠲᠤᠭ ᠤᠨ ᠬᠠᠷ᠎ᠠ ᠶᠠᠰᠤᠲᠤ ᠬᠤᠨᠢ ᠤᠬᠤᠨ᠎ᠠ ᠨᠢ ᠲᠣᠰᠬᠤᠨ ᠤ ᠲᠠᠷᠢᠶᠠᠴᠢᠨ ᠡᠷᠦᠬᠡ ᠳᠤ ᠪᠠᠭ᠎ᠠ ᠬᠡᠮᠵᠢᠶᠡᠨ ᠤ ᠨᠠᠷᠢᠯᠢᠭ ᠲᠡᠵᠢᠭᠡᠬᠦ ᠳᠤ ᠲᠣᠬᠢᠷᠠᠮᠵᠢᠲᠠᠶ᠂ ᠣᠬᠤᠷ᠂ ᠲᠣᠭᠲᠠᠭᠤᠨ᠂ ᠲᠦᠷᠭᠡᠨ ᠥᠨᠳᠥᠷ ᠣᠷᠣᠯᠭ᠎ᠠ ᠲᠠᠢ ᠪᠠᠶᠠᠵᠢᠯ ᠤᠨ ᠰᠠᠶᠢᠨ ᠲᠥᠷᠥᠯ ᠵᠦᠶᠯ ᠪᠣᠯᠤᠨ᠎ᠠ  ᠃ ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠲᠣᠰᠬᠤᠨ ᠤ ᠵᠥᠪᠯᠡᠯ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠯ᠎ᠡ ᠵᠦᠢᠯ  ᠤᠨ ᠠᠵᠢᠯ ᠢᠶᠠᠨ ᠰᠠᠶᠢᠲᠤᠷ ᠬᠢᠵᠦ᠂ ᠱᠠᠩᠳᠤᠬᠠᠢ ᠰᠢᠶᠠᠩ ᠤᠨ ᠲᠠᠪᠤᠨ ᠬᠡᠷ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号