ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2023/1/10
   1 ᠰᠠᠷ᠎ᠠ ᠶᠢᠨ 6 ᠤ ᠡᠳᠦᠷ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠠᠷᠤᠭ᠎ᠠ ᠸᠠᠩ ᠴᠢᠩ ᠪᠦᠯᠬᠦᠮ ᠳᠠᠭᠠᠭᠤᠯᠤᠨ ᠴᠠᠬᠠᠷ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠦᠷᠴᠦ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃     ᠪᠠᠶᠢᠴᠠᠭᠠᠨ ᠰᠤᠳᠤᠯᠬᠤ ᠳᠤᠭᠤᠶᠢᠯᠠᠩ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ  ᠪᠠᠷ ᠡᠬᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠥᠯ ᠵᠦᠶᠯ ᠤᠨ ᠶᠡᠭᠡ ᠰᠠᠭᠤᠷᠢ ᠶᠢᠨ ᠪᠠᠶᠢᠳᠠᠯ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠶᠡᠭᠡ ᠰᠠᠭᠤᠷᠢ ᠶᠢᠨ ᠪᠠᠶᠢᠳᠠᠯ᠂ ᠵᠥᠪᠰᠢᠶᠡᠷᠡᠭᠡᠳ ᠬᠠᠩᠭᠠᠭᠰᠠᠨ ᠥᠬᠡᠶ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ  ᠶᠢᠨ ᠶᠡᠭᠡ ᠰᠠᠭᠤᠷᠢ ᠶᠢᠨ ᠪᠠᠶᠢᠳᠠᠯ᠂ ᠰᠠᠭᠤᠷᠢ ᠲᠥᠬᠦᠭᠡᠷᠦᠮᠵᠢ ᠶᠢᠨ ᠬᠠᠳᠠᠭᠠᠯᠠᠯᠲᠠ ᠶᠢᠨ ᠡᠳ᠋ ᠬᠥᠷᠥᠩᠭᠡ ᠶᠢᠨ ᠶᠡᠭᠡ ᠰᠠᠭᠤᠷᠢ ᠶᠢᠨ ᠪᠠᠶᠢᠳᠠᠯ᠂ ᠦᠶᠯᠡᠳᠪᠦᠷᠢᠯᠡᠯ ᠢ ᠵᠣᠭᠰᠣᠭᠠᠭᠰᠠᠨ ᠠᠵᠤ ᠠᠬᠤᠶᠢᠯᠠᠯ ᠪᠠ ᠪᠥᠲᠥᠭᠡᠨ ᠪᠠᠶᠢᠭᠤᠯᠬᠤ ᠶᠢ ᠵᠣᠭᠰᠣᠭᠠᠭᠰᠠᠨ ᠲᠥᠷᠥᠯ ᠵᠦᠶᠯ ᠤᠨ ᠶᠡᠭᠡ ᠰᠠᠭᠤᠷᠢ ᠶᠢᠨ ᠪᠠᠶᠢᠳᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠶᠡᠭᠡ ᠰᠠᠭᠤᠷᠢ ᠶᠢᠨ ᠪᠠᠶᠢᠳᠠᠯ ᠵᠡᠷᠭᠡ ᠵᠢᠷᠭᠤᠭᠠᠨ ᠲᠠᠯ᠎ᠠ  ᠠᠴᠠ ᠬᠦᠷᠢᠶᠡᠯᠡᠩ ᠲᠣᠭᠤᠷᠢᠭ ᠤᠨ 《 ᠲᠠᠪᠤᠨ ᠶᠡᠭᠡ ᠰᠠᠭᠤᠷᠢ 》 ᠶᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ  ᠃     ᠸᠠᠩ ᠴᠢᠩ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ  ᠤᠨ ᠡᠯᠧᠮᠧᠨ᠋ᠲ ᠢ ᠶᠡᠭᠡ ᠪᠠᠷ ᠪᠣᠶ ᠪᠣᠯᠭᠠᠬᠤ ᠠᠵᠢᠯ ᠤᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶᠢ ᠭᠦᠶᠴᠡᠳ ᠨᠤᠲᠠᠯᠠᠭᠰᠠᠨ ᠪᠥᠭᠡᠳ ᠨᠢᠭᠡ ᠳᠤ ᠬᠦᠷᠢᠶᠡᠯᠡᠩ ᠲᠣᠭᠤᠷᠢᠭ ᠤᠨ ᠬᠢᠨ 《 ᠲᠠᠪᠤ ᠶᠢ ᠶᠡᠭᠡ ᠪᠠᠷ ᠪᠣᠶ ᠪᠣᠯᠭᠠᠬᠤ 》 ᠠᠵᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ ᠪᠡᠶᠡᠴᠢ ᠴᠢᠳᠠᠮᠠᠭᠠᠶ ᠴᠢᠨᠠᠷ ᠢᠶᠠᠨ ᠭᠦᠶᠴᠡᠳ ᠪᠠᠳᠠᠷᠠᠭᠤᠯᠵᠤ᠂ ᠶᠡᠭᠡ ᠪᠠᠷ ᠪᠣᠶ ᠪᠣᠯᠭᠠᠬᠤ ᠠᠵᠢᠯ ᠤᠨ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ  ᠃ ᠬᠤᠶᠠᠷ ᠲᠤ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ  ᠢᠶᠠᠷ ᠵᠥᠪᠰᠢᠶᠡᠷᠡᠭᠳᠡᠭᠰᠡᠨ ᠰᠠᠭᠤᠷᠢᠨ ᠳᠡᠭᠡᠷ᠎ᠡ ᠦᠷᠭᠦᠯᠵᠢᠯᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠭᠯᠡᠯ ᠢᠶᠠᠷ ᠬᠥᠭᠵᠢᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 5 ᠶᠡᠭᠡ ᠲᠥᠷᠥᠯ ᠤᠨ 46 ᠵᠦᠶᠯ ᠤᠨ ᠭᠦᠶᠴᠡᠳᠬᠡᠯ ᠲᠤᠭ᠎ᠠ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠳᠤᠲᠠᠭᠤᠳᠠᠯ  ᠢᠶᠠᠨ ᠨᠥᠬᠦᠪᠥᠷᠢᠯᠡᠨ᠂ ᠴᠢᠩᠭ᠎ᠠ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠡᠷᠡᠭᠲᠡᠶ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号