ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/10
     1 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ ᠂ ᠭᠤᠤᠯ ᠰᠡᠳᠦᠪ ᠤᠨ ᠲᠣᠭᠤᠷᠢᠨ ᠳᠤ᠂ ᠪᠣᠳᠠᠲᠠᠶ ᠲᠠᠢ ᠤᠶᠠᠯᠳᠤᠭᠤᠯᠤᠨ᠂ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠶ ᠥᠷᠨᠢᠭᠦᠯᠪᠡ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ  ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ  ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠪᠣᠳᠠᠲᠠᠶ ᠲᠥᠰᠦᠯ ᠲᠣᠭᠲᠠᠭᠠᠵᠤ᠂ ᠭᠦᠨᠵᠡᠭᠡᠶ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠨᠠᠷᠢᠨ ᠬᠢᠨᠠᠮᠠᠭᠠᠶ ᠥᠷᠨᠢᠭᠦᠯᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠵᠠᠳᠠᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠨᠠᠷᠢᠨ ᠨᠢᠮᠪᠠᠶ ᠪᠡᠯᠡᠳᠬᠡᠯ ᠬᠢᠵᠡᠶ  ᠃      ᠬᠤᠷᠠᠯ ᠳᠡᠭᠡᠷ᠎ᠡ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠭᠤᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠳ ᠨᠢᠭᠡ ᠪᠠᠷ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠪᠠ  ᠃ ᠨᠥᠬᠦᠳ ᠨᠢᠭᠡᠪᠦᠷᠢ ᠦᠭᠡ ᠬᠡᠯᠡᠭᠰᠡᠨ ᠤ ᠳᠠᠷᠠᠭ᠎ᠠ᠂ ᠪᠤᠰᠤᠳ ᠨᠥᠬᠦᠳ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ  ᠃      ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ  ᠤᠨ ᠬᠤᠷᠠᠯ ᠳᠡᠭᠡᠷ᠎ᠡ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ᠂ ᠡᠷᠴᠢ ᠵᠣᠷᠢᠭ ᠢᠶᠠᠨ ᠬᠥᠪᠴᠢᠯᠡᠬᠦ ᠵᠣᠷᠢᠯᠭ᠎ᠠ ᠳᠠᠭᠠᠨ ᠬᠦᠷᠴᠡᠢ  ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ 《 ᠰᠡᠭᠦᠯᠴᠢ ᠶᠢᠨ ᠠᠵᠢᠯ 》 ᠢ ᠰᠠᠶᠢᠲᠤᠷ ᠬᠢᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠳᠤ᠂ ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ 《 ᠬᠤᠶᠠᠷ ᠢ ᠲᠣᠭᠲᠠᠭᠠᠬᠤ 》 ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠤᠨ ᠲᠤᠬᠠᠢ ᠭᠦᠨᠵᠡᠭᠡᠢ ᠣᠶᠢᠯᠠᠭᠠᠯᠲᠠ ᠪᠠᠨ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠬᠦ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ  ᠃ ᠴᠠᠭ ᠢᠮᠠᠭᠲᠠ ᠰᠠᠨᠠᠭ᠎ᠠ ᠠᠮᠤᠷ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠨᠠᠮ ᠪᠣᠯᠤᠨ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ  ᠃ ᠠᠵᠢᠯ ᠤᠨ ᠰᠤᠷᠲᠠᠯ ᠢᠶᠠᠨ ᠴᠥᠬᠦᠷᠡᠰᠢ ᠥᠬᠡᠶ ᠬᠤᠪᠢᠷᠠᠭᠤᠯᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢᠨ ᠳᠠᠭᠠᠭᠤᠯᠤᠭᠴᠢ᠂ ᠪᠥᠲᠥᠭᠡᠨ ᠪᠠᠶᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠶ  ᠃       ᠯᠢ ᠪᠢᠩ ᠷᠦᠩ ᠬᠤᠷᠠᠯ ᠳᠤ ᠰᠤᠯᠠ ᠣᠷᠣᠯᠴᠠᠪᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号