ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠩᠬᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ 12 ᠤᠨ ᠡᠳᠦᠷ ᠬᠤᠷᠠᠯᠳᠤᠨ᠎ᠠ
ᠨᠡᠶᠢᠲᠡᠯᠡᠭᠰᠡᠨ ᠴᠠᠭ᠄
2023/1/10
     ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ 1 ᠳ᠋ᠦ᠋ᠭᠡᠷ ᠰᠠᠷ᠎ᠠ  ᠶᠢᠨ 12 ᠤᠨ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ  ᠃      ᠬᠤᠷᠠᠯ ᠠᠴᠠ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠥᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠲᠥᠰᠦᠪ ᠢ ᠭᠦᠶᠴᠡᠳᠬᠡᠭᠰᠡᠨ ᠪᠠᠶᠢᠳᠠᠯ ᠬᠢᠭᠡᠳ 2023 ᠣᠨ  ᠤ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠥᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠢ ᠵᠥᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠲᠤᠭ᠎ᠠ ᠶᠢᠨ ᠲᠤᠬᠠᠶ ᠲᠣᠭᠲᠠᠭᠠᠯ ( ᠲᠥᠰᠦᠯ ) ᠢ ᠬᠢᠨᠠᠨ ᠵᠥᠪᠯᠡᠨ᠎ᠡ︔ ᠰᠣᠩᠭᠤᠭᠤᠯᠢ ᠶᠢᠨ ᠶᠠᠪᠤᠳᠠᠯ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号