ᠪᠤᠭᠤᠲᠤ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ  ᠤᠨ ᠰᠤᠳᠤᠯᠤᠨ ᠨᠡᠭᠡᠭᠡᠬᠦ ᠲᠥᠪ ᠢ 157 ᠪᠣᠶᠢᠵᠢᠭᠤᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠤ ᠣᠷᠣᠪᠠ
ᠨᠡᠶᠢᠲᠡᠯᠡᠭᠰᠡᠨ ᠴᠠᠭ᠄
2023/2/8
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠳᠠᠩᠰᠠᠯᠠᠭᠤᠯᠬᠤ ᠨᠡᠷᠡᠰ ᠢ ᠨᠡᠶᠢᠲᠡᠯᠡᠵᠦ᠂ ᠪᠤᠭᠤᠲᠤ ᠶᠢᠨ ᠬᠤᠶ ᠽᠧ ᠬᠥᠩᠭᠡᠨ ᠴᠠᠭᠠᠨ ᠤ ᠦᠶᠯᠡᠰ ᠤᠨ ᠬᠢᠵᠠᠭᠠᠷᠲᠤ ᠺᠣᠮᠫᠠᠨᠢ ᠵᠡᠷᠭᠡ 34 ᠠᠵᠤ ᠠᠬᠤᠶᠢᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠶᠢ ᠥᠩᠭᠡᠷᠡᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠣᠯᠵᠠᠶ᠂ ᠣᠲᠣ ᠪᠣᠯᠲᠠᠯ᠎ᠠ᠂ ᠪᠤᠭᠤᠲᠤ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 157 ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠶᠡᠷᠦᠩᠬᠡᠶ ᠬᠡᠮᠵᠢᠶᠡᠨ ᠤ 20 % ᠶᠢ ᠡᠵᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ  ᠃      ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ  ᠶᠢ ᠭᠦᠨᠵᠡᠭᠡᠶ ᠲᠤᠤᠱᠯᠠᠭᠤᠯᠵᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠢ ᠶᠡᠬᠡᠪᠡᠷ ᠬᠥᠭᠵᠢᠭᠦᠯᠬᠦ ᠡᠯ᠎ᠡ ᠵᠦᠶᠯ ᠤᠨ ᠱᠠᠭᠠᠷᠳᠠᠯᠭ᠎ᠠ᠂ ᠠᠵᠤ ᠠᠬᠤᠶᠢᠯᠠᠯ ᠤᠨ 《 ᠨᠢᠭᠡ ᠲᠤᠰᠬᠠᠶ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠬᠤ ᠶᠢ ᠬᠥᠲᠥᠯᠥᠨ ᠵᠢᠯᠣᠭᠤᠳᠬᠤ ᠪᠠ ᠠᠬᠢᠭᠤᠯᠤᠨ᠎ᠠ᠂ ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠨ᠎ᠠ᠂ ᠰᠢᠨ᠎ᠡ ᠠᠵᠤ ᠦᠶᠯᠡᠰ ᠢ ᠰᠣᠩᠭᠤᠨ ᠣᠷᠣᠭᠤᠯᠬᠤ᠂ ᠨᠢᠭᠡ ᠪᠦᠯᠦᠭ ᠰᠢᠨ᠎ᠡ ᠦᠶᠯᠡᠳᠬᠦᠨ ᠢ ᠨᠡᠭᠡᠭᠡᠨ ᠬᠥᠭᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠂ ᠠᠵᠤ ᠠᠬᠤᠶᠢᠯᠠᠯ ᠢ ᠪᠣᠶᠢᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠪᠠᠷ ᠰᠠᠭᠤᠷᠢ ᠪᠣᠯᠭᠠᠨ᠎ᠠ᠂ ᠠᠵᠤ ᠠᠬᠤᠶᠢᠯᠠᠯ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠂ ᠪᠤᠭᠤᠲᠤ ᠬᠤᠲᠠ ᠶᠢᠨ ᠰᠤᠳᠤᠯᠤᠨ ᠨᠡᠭᠡᠭᠡᠬᠦ ᠲᠠᠪᠴᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠶᠯᠡᠰ  ᠤᠨ ᠵᠣᠬᠢᠴᠠᠯᠳᠤᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠭᠦᠢᠴᠡᠳ ᠪᠠᠳᠠᠷᠠᠭᠤᠯᠤᠨ᠎ᠠ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ᠂ ᠰᠢᠯᠢᠳᠡᠭ ᠢ ᠨᠢ ᠰᠣᠩᠭᠤᠵᠤ ᠤᠯᠤᠰ ᠲᠤ ᠮᠡᠳᠡᠭᠦᠯᠬᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠡᠯᠧᠮᠧᠨ᠋ᠲ ᠢ ᠪᠤᠭᠤᠲᠤ ᠬᠤᠲᠠ ᠳᠤ ᠲᠥᠪᠯᠡᠷᠡᠭᠦᠯᠬᠦ ᠶᠢ ᠲᠦᠷᠭᠡᠳᠬᠡᠨ᠎ᠡ᠂ ᠪᠦᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号