ᠪᠤᠭᠤᠲᠤ ᠶᠢᠨ ᠪᠣᠯᠣᠳ ᠲᠡᠮᠦᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠳᠠᠬᠢᠨ ᠠᠰᠢᠭᠯᠠᠬᠤ  ᠰᠢᠨ᠎ᠡ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2023/2/8
    ᠭᠠᠳᠠᠷ ᠬᠡᠯᠪᠡᠷᠢ ᠨᠢ ᠭᠤᠮ ᠰᠠᠪᠠᠭ᠎ᠠ ᠰᠢᠭ᠂ ᠳᠤᠷ᠎ᠠ ᠶᠢᠨ ᠬᠡᠮᠵᠢᠶ᠎ᠡ ᠪᠠᠷ ᠨᠤᠭᠤᠯᠵᠤ ᠪᠣᠯᠬᠤ ᠮᠥᠷᠲᠡᠭᠡᠨ ᠴᠢᠩᠭ᠎ᠠ ᠰᠣᠷᠢᠨᠵᠢᠨ ᠴᠢᠨᠠᠷᠲᠠᠶ ᠪᠠᠷ ᠬᠥᠯᠳᠡᠭᠡᠭᠦᠷ᠂ ᠮᠠᠰᠢᠨ ᠲᠡᠷᠭᠡ ᠵᠡᠷᠭᠡ ᠲᠡᠮᠦᠷᠯᠢᠭ ᠤᠨ ᠭᠠᠳᠠᠷ ᠭᠠᠳᠠᠷᠭᠤ ᠳᠤ ᠨᠠᠭᠠᠵᠤ ᠪᠣᠯᠤᠨ᠎ᠠ᠂ ᠡᠨᠡ ᠪᠣᠯ ᠳᠠᠷᠤᠶ ᠪᠤᠭᠤᠲᠤ ᠶᠢᠨ ᠪᠣᠯᠣᠳ ᠲᠡᠮᠦᠷ ᠤᠨ ᠰᠲᠷᠤᠨᠲ ᠲᠡᠮᠦᠷ ᠤᠨ ᠬᠦᠴᠢᠯᠲᠥ᠋ᠷᠥᠭᠴᠢ ᠪᠡᠶ᠎ᠡ ᠶᠢ ᠤᠷᠢᠳᠴᠢᠯᠠᠨ ᠰᠢᠲᠠᠭᠠᠬᠤ ᠮᠠᠲ᠋ᠧᠷᠢᠶᠠᠯ ᠢᠶᠠᠷ ᠵᠣᠬᠢᠶᠠᠭᠰᠠᠨ ᠨᠠᠭᠠᠯᠳᠤᠭᠤᠯᠬᠤ ᠰᠣᠷᠢᠨᠵᠢᠨ ᠪᠡᠶ᠎ᠡ ᠪᠣᠯᠤᠨ᠎ᠠ᠂ ᠨᠠᠩ ᠭᠠᠶᠢᠬᠠᠯᠲᠠᠶ ᠨᠢ᠂ ᠡᠶᠢᠮᠦᠷᠬᠦᠦ ᠰᠣᠷᠢᠨᠵᠢᠨ ᠮᠠᠲ᠋ᠧᠷᠢᠶᠠᠯ ᠨᠢ ᠪᠤᠭᠤᠲᠤ ᠶᠢᠨ ᠪᠣᠯᠣᠳ ᠲᠡᠮᠦᠷ ᠤᠨ 《 ᠲᠡᠮᠦᠷ ᠤᠨ ᠢᠰᠦᠯ 》 ᠠᠴᠠ ᠢᠷᠡᠯᠲᠡ ᠲᠠᠢ ᠶᠤᠮ  ᠃      ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠣᠯᠤᠨ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠬᠤᠯᠪᠣᠭ᠎ᠠ  ᠶᠢᠨ ᠲᠤᠬᠠᠶ ᠶᠠᠷᠢᠬᠤ ᠳᠠᠭᠠᠨ᠂ 《 ᠲᠣᠭᠲᠠᠮᠠᠯ ᠰᠣᠷᠢᠨᠵᠢᠨ ᠤ ᠸᠠᠩ 》 ᠨᠧᠦᠳᠢᠮ ᠲᠡᠮᠦᠷᠲᠦ ᠪᠣᠷ ᠲᠣᠭᠲᠠᠮᠠᠯ ᠰᠣᠷᠢᠨᠵᠢᠨ ᠪᠡᠶ᠎ᠡ ᠭᠡᠳᠡᠭ ᠢ ᠰᠠᠶᠢᠨ ᠮᠡᠳᠡᠳᠡᠭ  ᠃ ᠰᠣᠷᠢᠨᠵᠢᠨ ᠴᠠᠭᠠᠷᠢᠭ ᠤᠨ 《 ᠬᠡᠷ ᠤᠨ ᠠᠲᠠᠷ 》 ᠤᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ᠂ ᠪᠤᠭᠤᠲᠤ ᠶᠢᠨ ᠪᠣᠯᠣᠳ ᠲᠡᠮᠦᠷ ᠤᠨ ᠥᠭᠡᠷ᠎ᠡ ᠨᠢᠭᠡ ᠵᠦᠶᠯ ᠤᠨ ᠰᠣᠷᠢᠨᠵᠢᠨ ᠴᠢᠨᠠᠷᠲᠠᠶ ᠮᠠᠲ᠋ᠧᠷᠢᠶᠠᠯ ᠰᠲᠷᠤᠨᠲ ᠲᠡᠮᠦᠷ ᠤᠨ ᠬᠦᠴᠢᠯᠲᠥ᠋ᠷᠥᠭᠴᠢ ᠪᠡᠶᠡᠲᠦ ᠶᠢᠨ ᠤᠷᠢᠳᠴᠢᠯᠠᠨ ᠰᠢᠲᠠᠭᠠᠭᠰᠠᠨ ᠮᠠᠲ᠋ᠧᠷᠢᠶᠠᠯ ᠠᠴᠠ ᠭᠠᠳᠠᠨ᠎ᠠ᠂ ᠪᠠᠰᠠ ᠲᠡᠭᠦᠨ ᠤ ᠰᠢᠯᠢᠳᠡᠭ ᠦᠶᠯᠡᠳᠬᠦᠨ ᠤ ᠴᠢᠳᠠᠮᠵᠢ ᠪᠠ ᠲᠤᠶᠢᠯ ᠤᠨ ᠥᠨᠳᠥᠷ ᠴᠢᠨᠠᠷ ᠦᠨ᠎ᠡ ᠶᠢᠨ ᠬᠠᠷᠢᠴᠠᠯ ᠢᠶᠠᠷ 《 ᠪᠤᠭᠤᠲᠤ ᠶᠢᠨ ᠪᠣᠯᠣᠳ ᠲᠡᠮᠦᠷ ᠤᠨ ᠰᠣᠷᠢᠨᠵᠢᠨ 》 ᠤ ᠨᠠᠷᠠᠲᠤ ᠲᠡᠮᠳᠡᠭ  ᠤᠨ ᠳᠣᠲᠣᠷᠠᠬᠢ ᠨᠢᠭᠡᠨ ᠠᠯᠭᠤᠷ ᠮᠠᠨᠳᠤᠵᠤ ᠪᠠᠶᠢᠭ᠎ᠠ ᠠᠵᠤ ᠦᠶᠯᠡᠰ ᠤᠨ ᠣᠳᠣᠨ ᠪᠣᠯᠤᠭᠰᠠᠨ ᠪᠠᠶᠢᠨ᠎ᠠ  ᠃      ᠪᠤᠭᠤᠲᠤ ᠶᠢᠨ ᠪᠤᠯᠤᠳ ᠲᠡᠮᠦᠷ ᠤᠨ ᠺᠣᠮᠫᠠᠨᠢ ᠶᠢᠨ ᠰᠢ ᠴᠤᠸᠠᠩ ᠲᠢᠶᠧ ᠰᠢᠨ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ( ᠳᠣᠷᠣᠭᠰᠢ 《 ᠲᠢᠶᠧ ᠰᠢᠨ ᠰᠣᠷᠢᠨᠵᠢᠨ ᠮᠠᠲ᠋ᠧᠷᠢᠶᠠᠯ 》 ᠭᠡᠵᠦ ᠲᠣᠪᠴᠢᠯᠠᠨ᠎ᠠ ) ᠳᠤ ᠣᠷᠣᠵᠤ᠂ ᠲᠦᠭᠦᠬᠡᠢ ᠮᠠᠲ᠋ᠧᠷᠢᠶᠠᠯ ᠤᠨ ᠲᠣᠭᠤᠷᠢᠭ ᠲᠤ ᠵᠢᠵᠢᠭ ᠠᠭᠤᠯᠠ ᠣᠪᠣᠭᠠᠷᠠᠭᠰᠠᠨ 《 ᠲᠡᠮᠦᠷ ᠬᠠᠶᠢᠷᠰᠤ 》 ᠪᠣᠯᠤᠭᠰᠠᠨ ᠪᠥᠭᠡᠳ ᠰᠲᠷᠤᠨᠲ ᠲᠡᠮᠦᠷ ᠤᠨ ᠬᠦᠴᠢᠯᠲᠥ᠋ᠷᠥᠭᠴᠢ ᠪᠡᠶ᠎ᠡ ᠶᠢ ᠤᠷᠢᠳᠴᠢᠯᠠᠨ ᠰᠢᠲᠠᠭᠠᠬᠤ ᠲᠦᠭᠦᠬᠡᠢ ᠮᠠᠲ᠋ᠧᠷᠢᠶᠠᠯ ᠶᠠᠭ ᠡᠨᠡ ᠶᠠᠭᠤᠮ᠎ᠠ ᠪᠣᠯᠤᠨ᠎ᠠ  ᠃ ᠲᠢᠶᠧ ᠰᠢᠨ ᠰᠣᠷᠢᠨᠵᠢᠨ ᠮᠠᠲ᠋ᠧᠷᠢᠶᠠᠯ ᠤᠨ ᠺᠣᠮᠫᠠᠨᠢ ᠶᠢᠨ ᠳᠠᠭᠠᠭᠠᠮᠠᠯ ᠸᠠᠩ ᠮᠢᠨ ᠤ ᠲᠠᠨᠢᠯᠴᠠᠭᠤᠯᠤᠭᠰᠠᠨ ᠢᠶᠠᠷ᠂ 《 ᠲᠡᠮᠦᠷ ᠬᠠᠶᠢᠷᠰᠤ 》 ᠭᠡᠳᠡᠭ ᠨᠢ ᠳᠠᠷᠤᠢ ᠪᠤᠭᠤᠲᠤ ᠶᠢᠨ ᠪᠤᠯᠤᠳ ᠬᠡᠪᠰᠢᠭᠦᠯᠬᠦ ᠡᠯ᠎ᠡ ᠦᠢᠯᠡᠳᠪᠦᠷᠢ ᠠᠴᠠ ᠭᠠᠷᠳᠠᠭ ᠳᠠᠭᠠᠯᠲᠠ ᠪᠦᠲᠦᠭᠡᠭᠳᠡᠬᠦᠨ 《 ᠲᠡᠮᠦᠷ ᠢᠯᠲᠠᠰᠤ ᠶᠢᠨ ᠢᠰᠦᠯ 》 ᠪᠣᠯᠤᠨ᠎ᠠ᠂ ᠤᠤᠯ ᠨᠢ 《 ᠬᠠᠶᠠᠭᠳᠠᠮᠠᠯ ᠮᠠᠲ᠋ᠧᠷᠢᠶᠠᠯ 》 ᠪᠠᠶᠢᠭᠰᠠᠨ᠂ ᠤᠳᠤ ᠨᠢᠭᠡᠨᠲᠡ ᠰᠲᠷᠤᠨᠲ ᠲᠡᠮᠦᠷ ᠤᠨ ᠬᠦᠴᠢᠯᠲᠥ᠋ᠷᠥᠭᠴᠢ ᠶᠢ ᠤᠷᠢᠳᠴᠢᠯᠠᠨ ᠰᠢᠲᠠᠭᠠᠬᠤ ᠭᠤᠣᠯ ᠲᠦᠭᠦᠬᠡᠢ ᠮᠠᠲ᠋ᠧᠷᠢᠶᠠᠯ ᠪᠣᠯᠵᠠᠢ  ᠃    《 ᠤᠤᠯ ᠤᠨ ᠰᠣᠷᠢᠨᠵᠢᠨ ᠴᠢᠨᠠᠷᠲᠠᠶ ᠮᠠᠲ᠋ᠧᠷᠢᠶᠠᠯ ᠦᠶᠯᠡᠳᠪᠦᠷᠢᠯᠡᠵᠦ ᠪᠠᠶᠢᠭᠰᠠᠨ ᠴᠢᠬᠤᠯᠠ ᠲᠦᠭᠦᠬᠡᠶ ᠮᠠᠲ᠋ᠧᠷᠢᠶᠠᠯ ᠪᠣᠯ ᠲᠢᠶ᠋ᠧ ᠬᠤᠩ ᠪᠣᠯᠤᠨ᠎ᠠ᠂ ᠮᠥᠨ ᠴᠦ ᠪᠣᠯᠣᠳ ᠬᠡᠪᠰᠢᠭᠦᠯᠬᠦ ᠳᠠᠭᠠᠯᠲᠠ ᠦᠶᠯᠡᠳᠬᠦᠨ ᠤ ᠨᠢᠭᠡ ᠪᠣᠯᠤᠨ᠎ᠠ᠂ ᠭᠡᠪᠡᠴᠦ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠶᠠᠰᠤ ᠴᠢᠨᠠᠷ ᠤᠨ ᠠᠰᠠᠭᠤᠳᠠᠯ ᠵᠡᠷᠭᠡ ᠣᠯᠠᠨ ᠲᠠᠯ᠎ᠠ  ᠶᠢᠨ ᠬᠦᠴᠦᠨ ᠵᠦᠶᠯ ᠤᠨ ᠨᠥᠯᠥᠭᠡ ᠠᠴᠠ ᠪᠣᠯᠵᠣ᠂ ᠲᠢᠶ᠋ᠧ ᠰᠢᠨ ᠰᠣᠷᠢᠨᠵᠢᠨ ᠮᠠᠲ᠋ᠧᠷᠢᠶᠠᠯ ᠬᠠᠷᠠᠭᠠᠨ ᠥᠨᠴᠥᠭ  ᠢᠶᠠᠨ ᠨᠠᠩ ᠠᠮᠠᠷᠬᠠᠨ ᠣᠯᠵᠤ᠂ ᠨᠠᠩ ᠶᠡᠭᠡ ᠬᠠᠳᠠᠭᠠᠯᠠᠭᠳᠠᠵᠤ ᠪᠠᠶᠢᠭ᠎ᠠ 〈 ᠲᠡᠮᠦᠷ ᠬᠠ᠊ 〉 ᠳᠤ ᠰᠢᠯᠵᠢᠭᠰᠡᠨ ᠪᠠᠶᠢᠨ᠎ᠠ  ᠃ ᠸᠠᠩ ᠮᠢᠨ ᠬᠡᠯᠡᠬᠦ ᠳᠡᠭᠡᠨ᠂ ᠠᠩᠬᠠᠷᠤᠭᠤᠰᠢᠲᠠᠶ ᠨᠢ᠂ 《 ᠲᠡᠮᠦᠷ ᠬᠠᠶᠢᠷᠰᠤ 》 ᠪᠠᠷ ᠲᠦᠭᠦᠬᠡᠶ ᠮᠠᠲ᠋ᠧᠷᠢᠶᠠᠯ ᠪᠣᠯᠭᠠᠨ ᠦᠶᠯᠡᠳᠪᠦᠷᠢᠯᠡᠬᠦ ᠰᠲᠷᠤᠨᠲ ᠲᠡᠮᠦᠷ ᠤᠨ ᠬᠦᠴᠢᠯᠲᠥ᠋ᠷᠥᠭᠴᠢ ᠪᠡᠶᠡᠲᠦ ᠶᠢᠨ ᠤᠷᠢᠳᠴᠢᠯᠠᠨ ᠰᠢᠲᠠᠭᠠᠬᠤ ᠮᠠᠲ᠋ᠧᠷᠢᠶᠠᠯ ᠤᠨ ᠳᠣᠲᠣᠷᠠᠬᠢ ᠲᠤᠷᠰᠢᠯᠲᠠ ᠶᠢᠨ ᠬᠡᠮᠵᠢᠶᠡᠨ ᠤ ᠭᠠᠷᠤᠯᠲᠠ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠲᠤᠷᠰᠢᠯᠲᠠ ᠶᠢᠨ ᠲᠠᠰᠤᠭ ᠤᠨ ᠦᠯᠡᠳᠡᠭᠳᠡᠯ ᠰᠣᠷᠢᠨᠵᠢᠨ᠂ ᠪᠤᠷᠤᠩᠬᠤᠶ ᠬᠦᠴᠦᠨ᠂ ᠲᠥᠷᠥᠯᠬᠢ ᠪᠤᠷᠤᠩᠬᠤᠶ ᠬᠦᠴᠦᠨ ᠵᠡᠷᠭᠡ ᠣᠯᠠᠨ ᠵᠦᠶᠯ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠠᠳ᠂ ᠪᠣᠯᠵᠣᠯᠲᠤ ᠲᠤᠭ᠎ᠠ ᠨᠢ ᠴᠥᠮ ᠵᠢᠱᠢᠭᠰᠡᠨ ᠬᠠᠷᠠᠯᠲᠠ ᠬᠡᠮᠵᠢᠭᠳᠡᠯ ᠠᠴᠠ ᠥᠨᠳᠥᠷ ᠪᠣᠯᠵᠠᠶ  ᠃       ᠪᠤᠯᠤᠳ ᠬᠡᠪᠰᠢᠭᠦᠯᠬᠦ ᠠᠵᠢᠯ ᠤᠨ ᠳᠡᠰ ᠳᠠᠷᠠᠭ᠎ᠠ ᠶᠢᠨ ᠦᠢᠯᠡᠳᠬᠦᠨ 《 ᠲᠡᠮᠦᠷ ᠤᠨ ᠢᠯᠲᠠᠰᠤ ᠶᠢᠨ ᠢᠰᠦᠯ 》 ᠠᠴᠠ ᠰᠣᠷᠢᠨᠵᠢᠨ ᠮᠠᠲ᠋ᠧᠷᠢᠶᠠᠯ ᠤᠨ ᠠᠵᠢᠯ ᠲᠦᠷᠦᠯ ᠳᠤ ᠥᠷᠭᠡᠨ ᠢᠶᠠᠷ ᠬᠡᠷᠡᠭᠯᠡᠭᠳᠡᠬᠦ ᠰᠳ᠋ᠷᠤᠨᠲ ᠲᠡᠮᠦᠷ  ᠤᠨ ᠢᠰᠦᠯ ᠢ ᠤᠷᠢᠳᠴᠢᠯᠠᠨ ᠰᠢᠲᠠᠭᠠᠬᠤ ᠮᠠᠲᠧᠷᠢᠶᠠᠯ ᠬᠦᠷᠲᠡᠯ᠎ᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠲᠠᠬᠢᠨ ᠠᠰᠢᠭᠯᠠᠬᠤ ᠨᠢ ᠪᠦᠷ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠣᠷᠴᠢᠯ ᠠᠵᠤ ᠠᠬᠤᠢ ᠶᠢᠨ ᠵᠠᠮ ᠢᠶᠠᠷ ᠵᠠᠮᠨᠠᠬᠤ ᠴᠢᠬᠤᠯᠠ ᠭᠠᠷᠳᠠᠴᠠ ᠪᠣᠯᠤᠭᠰᠠᠭᠠᠷ ᠢᠷᠡᠵᠠᠢ  ᠃ ᠰᠤᠷᠪᠤᠯᠵᠢᠯᠠᠭᠴᠢ ᠶᠢᠨ ᠤᠢᠢᠯᠠᠭᠠᠭᠰᠠᠠ ᠢᠶᠠᠷ᠂ ᠪᠤᠯᠤᠳ ᠲᠡᠮᠦᠷ ᠤᠨ ᠢᠰᠦᠯ ᠨᠢ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠪᠣᠯᠤᠭᠰᠠᠨ ᠤ ᠬᠤᠪᠢ ᠳᠤ᠂ ᠵᠢᠯ ᠪᠦᠷᠢ 30 ᠲᠦᠮᠡᠨ ᠲᠣᠨ ᠰᠢᠬᠠᠮ ᠤᠨ ᠭᠠᠷᠤᠯᠲᠠ ᠲᠠᠢ᠂ ᠪᠤᠯᠤᠳ ᠲᠡᠮᠦᠷ ᠢ ᠳᠠᠪᠲᠠᠨ ᠪᠣᠯᠪᠠᠰᠤᠷᠠᠭᠤᠯᠵᠤ ᠪᠤᠴᠠᠭᠠᠨ ᠬᠡᠷᠡᠭᠯᠡᠬᠦ᠂ ᠲᠡᠮᠦᠷ ᠤᠨ ᠨᠤᠨᠲᠠᠭ ᠢ ᠦᠢᠯᠡᠳᠴᠦ ᠰᠡᠷᠭᠦᠭᠡᠬᠦ ᠠᠴᠠ ᠭᠠᠳᠠᠨ᠎ᠠ᠂ ᠨᠡᠩ ᠥᠷᠭᠡᠨ ᠳᠡᠯᠭᠡᠷ ᠬᠡᠷᠡᠭᠴᠡᠭᠡ ᠶᠢ ᠡᠷᠢᠯᠬᠢᠯᠡᠵᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ᠂ ᠭᠠᠯ ᠬᠠᠯᠠᠭᠤᠨ ᠡᠬᠢ ᠪᠠᠶᠠᠯᠢᠭ ᠪᠣᠯᠭᠠᠬᠤ ᠪᠥᠭᠡᠳ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠦᠷᠭᠦᠯᠵᠢᠯᠡᠬᠦ ᠬᠥᠭᠵᠢᠯᠲᠡ  ᠶᠢ ᠪᠡᠶᠡᠯᠡᠭᠦᠯᠬᠦ ᠰᠢᠨ᠎ᠡ ᠰᠦᠪᠡᠭᠴᠢᠯᠡᠯ ᠪᠣᠯᠤᠨ᠎ᠠ  ᠃   《 ᠰᠲᠷᠤᠨᠲ ᠲᠡᠮᠦᠷ ᠤᠨ ᠬᠦᠴᠢᠯᠲᠥ᠋ᠷᠥᠭᠴᠢ ᠪᠡᠶ᠎ᠡ ᠶᠢ ᠤᠷᠢᠳᠴᠢᠯᠠᠨ ᠰᠢᠲᠠᠭᠠᠬᠤ ᠮᠠᠲ᠋ᠧᠷᠢᠶᠠᠯ ᠨᠢ ᠦᠷᠦᠪᠳᠡᠰᠦ ᠪᠠᠷ ᠲᠡᠮᠦᠷᠯᠢᠭ ᠪᠣᠯᠪᠠᠰᠤᠷᠠᠭᠤᠯᠬᠤ ᠰᠠᠭᠤᠷᠢ ᠲᠦᠭᠦᠬᠡᠶ ᠮᠠᠲ᠋ᠧᠷᠢᠶᠠᠯ ᠤᠨ ᠨᠢᠭᠡ ᠪᠣᠯᠤᠭᠰᠠᠨ ᠤ ᠬᠤᠪᠢ  ᠳᠤ᠂ ᠮᠠᠰᠢᠨ ᠲᠡᠷᠭᠡᠨ ᠤ ᠠᠵᠤ ᠦᠶᠯᠡᠳᠪᠦᠷᠢ ᠶᠢᠨ ᠴᠠᠬᠢᠯᠭᠠᠨᠵᠢᠯᠲᠠ᠂ ᠲᠡᠮᠦᠷ ᠵᠠᠮᠲᠤ ᠵᠠᠮ ᠬᠠᠷᠢᠯᠴᠠᠭ᠎ᠠ᠂ ᠤᠶᠤᠨᠲᠤ ᠬᠤᠲᠠ᠂ ᠠᠵᠤ ᠦᠶᠯᠡᠳᠪᠦᠷᠢ ᠶᠢᠨ ᠡᠯᠧᠺᠲᠷᠣᠨᠵᠢᠯᠲᠠ ᠶᠢ ᠲᠠᠰ ᠳᠡᠪᠰᠢᠭᠦᠯᠬᠦ ᠵᠡᠷᠭᠡ ᠰᠢᠨ᠎ᠡ ᠬᠡᠯᠪᠡᠷᠢ  ᠶᠢᠨ ᠵᠠᠬ᠎ᠠ ᠳᠡᠯᠭᠡᠭᠦᠷ ᠤᠨ ᠲᠦᠷᠭᠡᠨ ᠬᠥᠭᠵᠢᠬᠦ ᠶᠢ ᠳᠠᠭᠠᠯᠳᠤᠨ᠂ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠬᠡᠷᠡᠭᠴᠡᠭᠡ ᠲᠦᠷᠭᠡᠨ ᠨᠡᠮᠡᠭᠳᠡᠵᠦ᠂ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠠᠵᠤ ᠦᠶᠯᠡᠰ ᠤᠨ ᠭᠧᠣᠮᠧᠲᠷᠢ ᠶᠢᠨ ᠲᠠᠰ ᠤᠨ ᠨᠡᠮᠡᠭᠳᠡᠯ ᠢ ᠵᠡᠷᠭᠡᠪᠡᠷ ᠪᠣᠶ ᠪᠣᠯᠭᠠᠪᠠ  ᠃ ᠲᠢᠶᠧ ᠰᠢᠨ ᠰᠣᠷᠢᠨᠵᠢᠨ ᠮᠠᠲ᠋ᠧᠷᠢᠶᠠᠯ ᠤᠨ ᠬᠡᠷᠡᠭ ᠮᠡᠳᠡᠭᠴᠢᠳ ᠤᠨ ᠳᠠᠷᠤᠭ᠎ᠠ ᠶᠧ ᠴᠢᠶᠠᠩ ᠲᠠᠨᠢᠯᠴᠠᠭᠤᠯᠬᠤ ᠳᠠᠭᠠᠨ᠂ ᠺᠣᠮᠫᠠᠨᠢ ᠨᠢ ᠲᠥᠷᠥᠯ ᠵᠦᠶᠯ ᠲᠣᠭᠲᠠᠭᠠᠬᠤ ᠪᠠᠯᠠ ᠣᠷᠣᠭᠤᠯᠤᠯᠲᠠ  ᠶᠢ ᠬᠤᠶᠠᠷ ᠬᠤᠭᠤᠴᠠᠭ᠎ᠠ ᠬᠤᠪᠢᠶᠠᠨ ᠳᠥᠷᠪᠡᠨ ᠵᠤᠷᠪᠤᠰ 《 ᠲᠡᠮᠦᠷ ᠬᠠᠶᠢᠷᠰᠤ 》 ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠰᠲᠷᠤᠨᠲ ᠲᠡᠮᠦᠷ ᠤᠨ ᠬᠦᠴᠢᠯᠲᠥ᠋ᠷᠥᠭᠴᠢ ᠶᠢᠨ ᠤᠷᠢᠳᠴᠢᠯᠠᠨ ᠰᠢᠲᠠᠭᠠᠬᠤ ᠮᠠᠲ᠋ᠧᠷᠢᠶᠠᠯ ᠤᠨ ᠦᠶᠯᠡᠳᠪᠦᠷᠢᠯᠡᠯ ᠤᠨ ᠱᠤᠭᠤᠮ ᠢ ᠪᠠᠶᠢᠭᠤᠯᠵᠤ᠂ 7 ᠲᠦᠮᠡᠨ ᠲᠣᠨ ᠦᠶᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠣᠯᠭᠠᠨ ᠥᠷᠭᠡᠳᠬᠡᠵᠦ᠂ ᠵᠢᠱᠢᠯᠲᠡ ᠪᠠᠷ ᠦᠶᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠢ ᠳᠠᠪᠠᠵᠤ᠂ ᠦᠶᠯᠡᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠠᠵᠢᠯ ᠲᠥᠷᠥᠯ ᠤᠨ ᠢᠶᠠᠨ ᠲᠦᠷᠦᠭᠦᠦ ᠲᠠᠪᠤᠨ ᠨᠡᠷᠡᠰ  ᠲᠤ ᠣᠷᠣᠵᠤ ᠪᠣᠯᠤᠨ᠎ᠠ ᠭᠡᠵᠡᠶ  ᠃      ᠡᠮᠦᠨᠡᠬᠢ ᠬᠤᠭᠤᠴᠠᠭᠠᠨ ᠤ ᠦᠶᠯᠡᠳᠬᠦᠨ ᠤ ᠬᠠᠩᠭᠠᠯᠭ᠎ᠠ ᠶᠢᠨ ᠶᠠᠪᠤᠴᠠ ᠳᠤ᠂ ᠲᠢᠶᠧ ᠰᠢᠨ ᠰᠣᠷᠢᠨᠵᠢᠨ ᠮᠠᠲ᠋ᠧᠷᠢᠶᠠᠯ ᠨᠢ ᠳᠣᠤᠷᠠᠳᠤ ᠤᠷᠤᠰᠬᠠᠯ ᠤᠨ ᠬᠡᠷᠡᠭᠯᠡᠭᠴᠢᠳ ᠤᠨ ᠭᠦᠶᠴᠡᠳ ᠵᠥᠪᠰᠢᠶᠡᠷᠡᠯ ᠢ ᠣᠯᠤᠭᠰᠠᠨ ᠤ ᠬᠠᠮᠲᠤ ᠪᠠᠰᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ  ᠃ ᠢᠷᠡᠭᠡᠳᠦᠶ ᠳᠤ᠂ ᠪᠤᠭᠤᠲᠤ ᠬᠤᠲᠠ ᠶᠢᠨ 《 ᠳᠡᠯᠡᠬᠡᠶ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠰᠣᠷᠢᠨᠵᠢᠨ ᠬᠥᠨᠳᠡᠶ 》 ᠶᠢ ᠴᠣᠭᠴᠠᠯᠠᠬᠤ ᠳᠤ ᠲᠦᠰᠢᠭᠯᠡᠨ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠦᠴᠦᠷᠬᠡᠭ ᠶᠡᠭᠡ ᠡᠬᠢ ᠪᠠᠶᠠᠯᠢᠭ ᠪᠠ ᠮᠡᠷᠭᠡᠵᠢᠯ  ᠤᠨ ᠳᠠᠪᠠᠭᠤᠯᠢᠭ ᠲᠤ ᠲᠦᠰᠢᠭᠯᠡᠨ᠂ 《 ᠲᠡᠮᠦᠷ ᠬᠠ᠊ 》 ᠢᠶᠠᠷ ᠲᠦᠭᠦᠬᠡᠶ ᠮᠠᠲ᠋ᠧᠷᠢᠶᠠᠯ ᠪᠣᠯᠭᠠᠨ ᠲᠣᠭᠲᠠᠮᠠᠯ ᠰᠣᠷᠢᠨᠵᠢᠨ ᠲᠡᠮᠦᠷ ᠤᠨ ᠬᠦᠴᠢᠯᠲᠥ᠋ᠷᠥᠭᠴᠢ ᠪᠡᠶ᠎ᠡ ᠶᠢ ᠦᠶᠯᠡᠳᠪᠦᠷᠢᠯᠡᠵᠦ᠂ ᠦᠨ᠎ᠡ ᠬᠠᠩᠰᠢ ᠶᠢᠨ ᠳᠠᠪᠠᠭᠤᠯᠢᠭ ᠢᠯᠡᠷᠬᠡᠶ᠂ ᠪᠦᠬᠦᠯᠢ ᠴᠣᠭᠴᠠ ᠶᠢᠨ ᠵᠠᠬ᠎ᠠ ᠳᠡᠯᠭᠡᠭᠦᠷ ᠤᠨ ᠢᠷᠡᠭᠡᠳᠦᠶ ᠯᠤᠲᠤ ᠶᠡᠭᠡ ᠪᠠᠶᠢᠵᠤ᠂ ᠰᠠᠶᠢᠨ ᠰᠠᠶᠢᠬᠠᠨ ᠠᠵᠤ ᠠᠬᠤᠶ ᠶᠢᠨ ᠦᠷ᠎ᠡ ᠠᠰᠢᠭ ᠤᠯᠬᠤ ᠶᠢᠨ ᠬᠠᠮᠲᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠣᠬᠢᠷᠲᠤᠯ ᠥᠬᠡᠶ ᠣᠷᠴᠢᠯ ᠠᠵᠤ ᠠᠬᠤᠶ ᠶᠢᠨ ᠠᠵᠤ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠶ ᠠᠬᠢᠭᠤᠯᠬᠤ ᠪᠣᠯᠤᠨ᠎ᠠ  ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号