ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠦᠶᠯᠡᠳᠪᠦᠷᠢᠯᠡᠯ ᠤᠨ ᠦᠷ᠎ᠡ ᠪᠦᠲᠦᠮᠵᠢ ᠲᠣᠪᠣᠶᠢᠮ᠎ᠠ ᠪᠠᠶᠢᠵᠤ ᠂ ᠥᠪᠥᠷ ᠮᠣᠩᠭᠤᠯ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠭᠲᠠᠭᠠᠯ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2023/2/9
      ᠣᠶᠢᠷ᠎ᠠ ᠳᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2022 ᠣᠨ ᠤ ᠠᠮᠤ ᠪᠤᠳᠠᠭ᠎ᠠ ᠳᠠᠷᠢᠬᠤ ᠲᠠᠯᠠᠪᠠᠶ ᠪᠤᠶᠤ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ  ᠤᠨ ᠲᠦᠷᠦᠭᠦᠦ 10 ᠨᠡᠷᠡᠰ ᠲᠤ ᠵᠢᠭᠰᠠᠭᠠᠭᠳᠠᠵᠤ᠂ ᠰᠢᠷ᠎ᠠ ᠪᠤᠷᠴᠠᠭ ᠪᠠ ᠰᠢᠯᠢᠮᠳᠡᠭ ᠤᠨ ᠤᠨᠠᠯᠲᠠ ᠶᠢᠨ ᠨᠡᠮᠡᠭᠳᠡᠯ  ᠤᠨ ᠬᠡᠮᠵᠢᠶ᠎ᠡ ᠨᠢ ᠲᠣᠰ ᠲᠣᠰ ᠪᠥᠬᠦ ᠤᠯᠤᠰ ᠤᠨ ᠲᠦᠷᠦᠭᠦᠦ 5 ᠨᠡᠷᠡᠰ ᠲᠤ ᠵᠢᠭᠰᠠᠭᠠᠭᠳᠠᠭᠰᠠᠨ ᠵᠢᠴᠢ ᠨᠠᠮᠤᠷ ᠢ ᠡᠰᠡᠷᠭᠦᠴᠡᠬᠦ ᠦᠶᠡᠷ ᠤᠨ ᠳᠠᠶᠢᠯᠠᠯᠳᠤᠭᠠᠨ ᠤ ᠥᠨᠳᠥᠷ ᠬᠠᠯᠠᠭᠤᠨ ᠭᠠᠩ ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠶᠢ ᠪᠠᠲᠤᠯᠠᠬᠤ ᠠᠵᠢᠯ ᠲᠣᠪᠣᠶᠢᠮ᠎ᠠ ᠪᠠᠶᠢᠭ᠎ᠠ 21 ᠮᠤᠵᠢ ᠣᠷᠣᠨ ᠢ ᠰᠠᠶᠢᠰᠢᠶᠠᠵᠤ᠂ ᠥᠪᠥᠷ ᠮᠣᠩᠭᠤᠯ ᠨᠡᠷ᠎ᠡ ᠲᠣᠳᠣᠷᠠᠪᠠ  ᠃     ᠥᠪᠥᠷ ᠮᠣᠩᠭᠤᠯ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ  ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠶᠯᠡᠳᠪᠦᠷᠢᠯᠡᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠪᠤᠷᠴᠠᠭ ᠢ ᠥᠷᠭᠡᠳᠬᠡᠬᠦ ᠠᠵᠢᠯ ᠲᠠᠢ ᠨᠢᠭᠲᠠ ᠤᠶᠠᠯᠳᠤᠭᠤᠯᠤᠨ᠂ ᠠᠮᠤ ᠪᠤᠳᠠᠭᠠᠨ ᠤ ᠦᠶᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ 2022 ᠣᠨ ᠳᠤ ᠠᠮᠤ ᠪᠤᠳᠠᠭᠠᠨ ᠤ ᠦᠶᠯᠡᠳᠪᠦᠷᠢᠯᠡᠯ 《 ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ 》 ᠶᠢ ᠪᠡᠶᠡᠯᠡᠭᠦᠯᠪᠡ  ᠃ ᠣᠶᠢᠯᠠᠭᠠᠭᠰᠠᠨ ᠢᠶᠠᠷ᠂ 2022 ᠣᠨ ᠳᠤ ᠥᠪᠥᠷ ᠮᠣᠩᠭᠤᠯ ᠤᠨ ᠠᠮᠤ ᠪᠤᠳᠠᠭ᠎ᠠ ᠳᠠᠷᠢᠬᠤ ᠲᠠᠯᠠᠪᠠᠶ 10427 . 7 ᠲᠦᠮᠡᠨ ᠮᠥ ᠬᠦᠷᠴᠦ᠂ ᠪᠥᠬᠦ ᠤᠯᠤᠰ ᠲᠤ ᠲᠠᠪᠤᠳᠤᠭᠠᠷ ᠲᠤ ᠣᠷᠣᠪᠠ︔ ᠠᠮᠤ ᠪᠤᠳᠠᠭᠠᠨ ᠤ ᠤᠨᠠᠯᠲᠠ 780 . 1 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ 12 ᠳ᠋ᠦᠩᠰᠢᠭᠤᠷ ᠵᠢᠩ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 1 . 6 % ᠪᠠᠶᠢᠵᠤ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ 16 . 2 % ᠢ ᠡᠵᠡᠯᠡᠵᠦ᠂ ᠪᠦᠬᠦ ᠤᠯᠤᠰ ᠤᠨ ᠭᠤᠷᠪᠠᠳᠤᠭᠠᠷ ᠲᠤ ᠣᠷᠣᠵᠤ᠂ ᠶᠡᠷᠦᠩᠬᠡᠶ ᠤᠨᠠᠯᠲᠠ ᠨᠢ ᠪᠦᠬᠦ ᠤᠯᠤᠰ ᠤᠨ ᠵᠢᠷᠭᠤᠳᠤᠭᠠᠷ ᠲᠤ ᠣᠷᠣᠵᠤ᠂ 3 ᠵᠢᠯ ᠳᠠᠷᠠᠭᠠᠯᠠᠨ 750 ᠳ᠋ᠦᠩᠰᠢᠭᠤᠷ ᠵᠢᠩ  ᠠᠴᠠ ᠳᠡᠭᠡᠭᠰᠢ ᠪᠠᠶᠢᠬᠤ ᠶᠢ ᠪᠠᠲᠤᠯᠠᠪᠠ  ᠃ ᠡᠭᠦᠨ ᠳᠤ᠂ ᠰᠢᠷ᠎ᠠ ᠪᠤᠷᠴᠠᠭ ᠳᠠᠷᠢᠬᠤ ᠲᠠᠯᠠᠪᠠᠶ 1833 . 1 ᠲᠦᠮᠡᠨ ᠮᠥ ᠪᠠᠶᠢᠵᠤ᠂ ᠳᠡᠭᠡᠷ᠎ᠡ ᠵᠢᠯ ᠤᠨ ᠬᠢ ᠠᠴᠠ 493 . 3 ᠲᠦᠮᠡᠨ ᠮᠥ ᠨᠡᠮᠡᠭᠳᠡᠵᠦ᠂ ᠰᠢᠷ᠎ᠠ ᠪᠤᠷᠴᠠᠭ ᠤᠨ ᠤᠨᠠᠯᠲᠠ 49 . 1 ᠳ᠋ᠦᠩᠰᠢᠭᠤᠷ ᠵᠢᠩ ᠪᠠᠶᠢᠵᠤ᠂ ᠳᠡᠭᠡᠷ᠎ᠡ ᠵᠢᠯ ᠤᠨ ᠬᠢ ᠠᠴᠠ 15 . 4 ᠳ᠋ᠦᠩᠰᠢᠭᠤᠷ ᠵᠢᠩ ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ  ᠃     2022 ᠣᠨ ᠳᠤ᠂ ᠥᠪᠥᠷ ᠮᠣᠩᠭᠤᠯ 65 ᠬᠤᠰᠢᠭᠤ ᠰᠢᠶᠠᠨ ᠳᠤ ᠠᠮᠤ ᠲᠣᠰᠣᠨ ᠤ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠢ 1060 ᠪᠠᠶᠢᠭᠤᠯᠵᠤ᠂ ᠶᠡᠷᠦᠩᠬᠡᠶ ᠲᠠᠯᠠᠪᠠᠶ ᠨᠢ 203 ᠲᠦᠮᠡᠨ ᠮᠥ ᠳᠤ ᠬᠦᠷᠴᠦ᠂ ᠡᠷᠳᠡᠨᠢ ᠰᠢᠰᠢ ᠢᠭ᠍ᠴᠤ ᠲᠠᠷᠢᠬᠤ᠂ ᠰᠢᠷ᠎ᠠ ᠪᠤᠷᠴᠠᠭ ᠤᠨ ᠵᠤᠷᠬ᠎ᠠ ᠳᠡᠭᠡᠷᠡᠬᠢ ᠭᠤᠷᠪᠠᠨ ᠮᠥᠷ ᠵᠡᠷᠭᠡ ᠥᠨᠳᠥᠷ ᠤᠨᠠᠯᠲᠠ ᠥᠨᠳᠥᠷ ᠦᠷ᠎ᠡ ᠮᠡᠷᠭᠡᠵᠢᠯ ᠤᠨ ᠵᠠᠭᠪᠤᠷ ᠢ ᠳᠡᠯᠭᠡᠷᠡᠭᠦᠯᠪᠡ  ᠃ ᠲᠠᠷᠢᠮᠠᠯ ᠤᠨ ᠲᠣᠮᠣ ᠡᠷᠦᠬᠡ ᠪᠠᠷ ᠭᠤᠤᠯ ᠴᠣᠭᠴᠠ ᠪᠣᠯᠭᠠᠵᠤ᠂ ᠪᠥᠬᠦ ᠣᠷᠣᠨ ᠳᠤ 530 ᠲᠠᠯᠠᠪᠤᠷ ᠤᠳᠠᠭ᠎ᠠ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ 3 . 2 ᠲᠦᠮᠡᠨ ᠬᠥᠮᠦᠨ ᠤᠳᠠᠭ᠎ᠠ ᠣᠷᠣᠯᠴᠠᠵᠤ᠂ ᠲᠠᠷᠢᠶᠠᠴᠢᠳ ᠲᠤ ᠦᠵᠡᠭᠦᠯᠵᠦ᠂ ᠲᠠᠷᠢᠶᠠᠴᠢᠳ ᠢ ᠳᠠᠭᠠᠭᠤᠯᠤᠨ ᠠᠵᠢᠯᠯᠠᠬᠤ ᠶᠢ ᠪᠡᠶᠡᠯᠡᠭᠦᠯᠪᠡ  ᠃ ᠵᠢᠱᠢᠶ᠎ᠡ ᠦᠵᠡᠭᠦᠯᠦᠨ ᠰᠤᠷᠤᠯᠴᠠᠬᠤ ᠪᠠᠷ ᠳᠠᠮᠵᠢᠭᠤᠯᠤᠨ᠂ ᠮᠡᠷᠭᠡᠵᠢᠯ ᠤᠨ ᠪᠣᠳᠠᠲᠠᠶᠢᠵᠢᠭᠤᠯᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ  ᠃ ᠪᠦᠷᠢᠳᠬᠡᠯ ᠢ ᠦᠨᠳᠦᠰᠦᠯᠡᠪᠡᠯ᠂ ᠪᠥᠬᠦ ᠣᠷᠣᠨ ᠤ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ ᠵᠡᠷᠭᠡ 4 ᠶᠡᠭᠡ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠨᠢ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠨ᠎ᠠ  ᠃ ᠡᠭᠦᠨ ᠳᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠮᠥ ᠪᠦᠷᠢ ᠳᠡᠭᠡᠨ 985 ᠵᠢᠩ ᠪᠠᠶᠢᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 127 ᠵᠢᠩ ᠮᠥ ᠥᠨᠳᠥᠷ ᠪᠠᠶᠢᠵᠤ᠂ ᠪᠥᠬᠦ ᠤᠯᠤᠰ ᠤᠨ ᠭᠤᠷᠪᠠᠳᠤᠭᠠᠷ ᠲᠤ ᠣᠷᠣᠪᠠ︔ ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠨᠢ ᠮᠦ ᠪᠦᠷᠢ 3274 ᠵᠢᠩ ᠪᠠᠶᠢᠵᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠮᠦ ᠪᠦᠷᠢ 510 ᠵᠢᠩ ᠥᠨᠳᠥᠷ ᠪᠠᠶᠢᠨ᠎ᠠ︔ ᠲᠤᠲᠤᠷᠭ᠎ᠠ ᠶᠢᠨ ᠲᠠᠯᠠᠪᠠᠶ ᠨᠢᠭᠡᠴᠢ ᠶᠢᠨ ᠤᠨᠠᠯᠲᠠ ᠨᠢ ᠮᠥ ᠪᠦᠷᠢ 1026 ᠵᠢᠩ ᠪᠠᠶᠢᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠮᠥ ᠪᠦᠷᠢ 82 ᠵᠢᠩ ᠥᠨᠳᠥᠷ ᠪᠠᠶᠢᠨ᠎ᠠ︔ ᠰᠢᠷ᠎ᠠ ᠪᠤᠷᠴᠠᠭ ᠤᠨ ᠲᠠᠯᠠᠪᠠᠶ ᠨᠢᠭᠡᠴᠢ  ᠶᠢᠨ ᠤᠨᠠᠯᠲᠠ ᠨᠢ ᠮᠥ ᠪᠦᠷᠢ 267 . 8 ᠵᠢᠩ ᠪᠠᠶᠢᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠮᠥ ᠪᠦᠷᠢ 4 ᠵᠢᠩ ᠥᠨᠳᠥᠷ ᠪᠠᠶᠢᠨ᠎ᠠ  ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号