ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ  ᠶᠢᠨ ᠠᠷᠭ᠎ᠠ 》 ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/4/10
     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠢᠭᠡᠳ ᠡᠳ᠋ ᠤᠨ ᠵᠠᠰᠠᠭ ᠤᠨ ᠲᠢᠩᠬᠢᠮ ᠬᠠᠮᠲᠤᠷᠠᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 》 ( ᠳᠣᠷᠣᠭᠰᠢ 《 ᠬᠠᠮᠢᠶᠠᠷᠤᠯᠲᠠ ᠶᠢᠨ ᠠᠷᠭ᠎ᠠ 》 ᠭᠡᠵᠦ ᠲᠣᠪᠴᠢᠯᠠᠨ᠎ᠠ ) ᠶᠢ ᠳᠠᠷᠤᠮᠠᠯᠯᠠᠨ ᠲᠠᠷᠬᠠᠭᠠᠵᠤ᠂ 4 ᠳ᠋ᠦ᠋ᠭᠡᠷ ᠰᠠᠷ᠎ᠠ ᠶᠢᠨ 30  ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠠᠷ ᠪᠠᠶᠢᠨ᠎ᠠ  ᠃      ᠤᠳᠤᠬᠠᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠠᠵᠢᠯ ᠤᠨ ᠭᠤᠤᠯᠳᠠᠯᠭ᠎ᠠ ᠪᠣᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠬᠠᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠲᠠᠢ ᠳᠡᠭᠡᠳᠦ ᠬᠡᠮᠵᠢᠶ᠎ᠡ ᠪᠠᠷ  ᠵᠣᠬᠢᠴᠠᠭᠤᠯᠤᠨ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠶᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠠᠢ ᠲᠣᠬᠢᠷᠠᠯᠴᠠᠭᠤᠯᠬᠤ ᠶᠢᠨ ᠲᠦᠯᠦᠭᠡ᠂ 《 ᠬᠠᠮᠢᠶᠠᠷᠤᠯᠲᠠ ᠶᠢᠨ ᠠᠷᠭ᠎ᠠ 》 ᠨᠢ ᠤᠤᠯ ᠤᠨ ᠪᠠᠶᠢᠭᠰᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠬᠡᠷᠡᠭᠯᠡᠭᠡᠨ ᠤ ᠮᠡᠷᠭᠡᠵᠢᠯ ᠢ ᠰᠤᠳᠤᠯᠬᠤ ᠪᠠ ᠨᠡᠭᠡᠭᠡᠨ ᠠᠰᠢᠭᠯᠠᠬᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠤᠰᠬᠠᠶ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ ᠡᠮᠬᠢᠯᠡᠨ ᠨᠡᠶᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠬᠥᠲᠥᠯᠥᠨ ᠵᠢᠯᠣᠭᠤᠳᠴᠤ ᠤᠷᠮᠠᠰᠢᠭᠤᠯᠬᠤ ᠦᠶᠯᠡᠳᠦᠯ ᠪᠠ ᠵᠠᠬ᠎ᠠ ᠳᠡᠯᠭᠡᠭᠦᠷ ᠨᠢ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠶᠯ ᠢ ᠲᠣᠬᠢᠷᠠᠭᠤᠯᠬᠤ ᠤᠳᠤᠷᠢᠳᠤᠮᠵᠢ ᠶᠢᠨ ᠦᠶᠯᠡᠳᠦᠯ ᠢ ᠨᠠᠩ ᠰᠠᠶᠢᠨ ᠪᠠᠳᠠᠷᠠᠭᠤᠯᠤᠨ᠎ᠠ  ᠃      《 ᠬᠠᠮᠢᠶᠠᠷᠤᠯᠲᠠ ᠶᠢᠨ ᠠᠷᠭ᠎ᠠ 》 ᠳᠤ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ  ᠶᠢ ᠲᠣᠳᠣᠷᠬᠠᠶᠢᠯᠠᠵᠤ᠂ ᠲᠤᠰᠬᠠᠶ ᠪᠠᠯᠠ ᠮᠥᠩᠭᠦ ᠶᠢᠨ 5 ᠲᠠᠯ᠎ᠠ ᠶᠢᠨ ᠬᠡᠷᠡᠭᠯᠡᠬᠦ ᠬᠡᠪᠴᠢᠶ᠎ᠡ ᠵᠢᠴᠢ ᠳᠡᠮᠵᠢᠬᠦ ᠠᠷᠭ᠎ᠠ ᠬᠡᠯᠪᠡᠷᠢ᠂ ᠲᠤᠰᠬᠠᠶ ᠪᠠᠯᠠ ᠮᠥᠩᠭᠦ ᠶᠢᠨ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠵᠢᠴᠢ ᠬᠤᠪᠢᠶᠠᠷᠢᠯᠠᠬᠤ  ᠠᠯᠬᠤᠮ ᠳᠠᠷᠠᠭ᠎ᠠ᠂ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠷᠬᠡ ᠶᠢᠨ ᠬᠢᠵᠠᠭᠠᠷ ᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠨ᠂ ᠭᠤᠭᠴᠤᠭ᠎ᠠ ᠶᠢ ᠴᠣᠮᠬᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠦᠨᠡᠨ ᠬᠦ ᠵᠢᠭᠠᠨ ᠵᠢᠯᠣᠭᠤᠳᠬᠤ ᠪᠠ ᠬᠠᠪᠰᠤᠷᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠪᠦᠲᠦᠮᠵᠢᠲᠡᠶ ᠪᠠᠷ ᠬᠡᠷᠡᠭᠯᠡᠭᠦᠯᠵᠦ᠂ ᠰᠢᠨ᠎ᠡ ᠶᠢ ᠡᠭᠦᠳᠬᠦ ᠳᠠᠯᠳᠠ ᠬᠦᠴᠦᠨ ᠢ ᠭᠦᠶᠴᠡᠳ ᠪᠠᠳᠠᠷᠠᠭᠤᠯᠤᠨ᠎ᠠ  ᠃      ᠣᠷᠴᠢᠮ ᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠪᠦᠬᠦ ᠲᠠᠯ᠎ᠠ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ  ᠭᠦᠨᠵᠡᠭᠡᠶᠢᠷᠡᠭᠦᠯᠦᠨ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ 》 ᠢ ᠨᠡᠶᠢᠲᠡᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ  ᠤ ᠲᠥᠷᠥᠯ ᠵᠦᠶᠯ ᠤᠨ ᠵᠠᠷᠤᠳᠠᠯ ᠤᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ  ᠦᠷᠭᠡᠳᠬᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠢ ᠰᠢᠯᠵᠢᠭᠦᠯᠦᠨ ᠥᠭᠬᠦ ᠲᠣᠭᠲᠠᠴᠠ ᠶᠢ  ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠂ ᠰᠢᠨ᠎ᠡ ᠶᠢ ᠡᠭᠦᠳᠬᠦ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ  ᠤᠨ ᠣᠷᠣᠭᠤᠯᠤᠯᠲᠠ ᠬᠢᠭᠡᠳ ᠳᠡᠮᠵᠢᠯᠭᠡ ᠵᠡᠷᠭᠡ ᠲᠠᠯ᠎ᠠ ᠪᠠᠷ ᠢᠳᠡᠪᠬᠢᠲᠡᠶ ᠰᠦᠪᠡᠭᠴᠢᠯᠡᠯᠲᠡ ᠬᠢᠵᠦ᠂ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠨ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠵᠦ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号