ᠴᠡᠭ ᠠᠴᠠ ᠴᠡᠭ ᠲᠤ ᠬᠦᠷᠬᠦ ᠬᠡᠯᠪᠡᠷᠢ ᠪᠠᠷ ᠠᠰᠠᠭᠤᠳᠠᠯ ᠢ ᠵᠠᠷᠯᠠᠨ ᠨᠡᠶᠢᠲᠡᠯᠡᠵᠦ ᠬᠠᠷᠢᠭᠤᠴᠠᠯᠭ᠎ᠠ ᠶᠢ ᠨᠢᠭᠡᠳ ᠨᠢᠭᠡ ᠪᠠᠷ ᠪᠤᠲᠠᠲᠠᠶᠢᠵᠢᠭᠤᠯᠤᠨ᠎ᠠ  ᠸᠠᠩ ᠯᠢ  ᠰᠢᠶᠠ ᠪᠦᠭᠦ ᠣᠷᠣᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ  ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2023/4/6
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ  ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠸᠠᠩ ᠯᠢ ᠰᠢᠶᠠ ᠪᠦᠭᠦ ᠣᠷᠣᠨ ᠤ ᠠᠮᠤᠷ ᠲᠦᠪᠰᠢᠨ ᠤ ᠭᠡᠮ ᠰᠣᠭᠤᠭ ᠢ ᠶᠡᠭᠡ ᠪᠠᠷ ᠵᠢᠭᠰᠠᠭᠠᠨ  ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ  ᠬᠤᠷᠠᠯᠳᠤᠭᠤᠯᠵᠤ᠂ ᠲᠣᠪᠣᠶᠢᠮ᠎ᠠ ᠠᠰᠠᠭᠤᠳᠠᠯ ᠢ ᠵᠠᠷᠯᠠᠨ ᠨᠡᠶᠢᠲᠡᠯᠡᠵᠦ᠂ ᠤᠴᠢᠷ ᠰᠢᠯᠲᠠᠭᠠᠨ ᠢ  ᠨᠢ ᠭᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ  ᠬᠠᠷᠢᠭᠤᠴᠠᠯᠭ᠎ᠠ ᠶᠢ ᠲᠣᠳᠣᠷᠬᠠᠶᠢᠯᠠᠪᠠ᠃       ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠡᠳ᠋  ᠶᠡᠷᠦᠩᠬᠡᠢ ᠰᠠᠶᠢᠳ ᠵᠠᠩ ᠭᠦᠸᠧ ᠴᠢᠩ ᠤᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠣᠰᠣᠭᠠᠷ᠂  ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠭᠢᠮᠯᠡᠭᠦ ᠪᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠥᠨᠳᠥᠷᠴᠡ ᠠᠴᠠ ᠶᠡᠭᠡ ᠪᠠᠷ  ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠷᠢᠨ ᠬᠢᠨᠠᠮᠠᠭᠠᠢ ᠦᠭᠡᠢ᠂ ᠬᠠᠲᠠᠭᠤ ᠲᠠᠢ ᠨᠢ ᠬᠠᠯᠳᠠᠬᠤ ᠦᠭᠡᠢ ᠪᠠ  ᠠᠶᠤᠯ ᠲᠦᠭᠰᠢᠭᠦᠷᠢ ᠶᠢ ᠪᠦᠭᠦ ᠲᠠᠯ᠎ᠠ ᠪᠠᠷ ᠲᠤᠶᠢᠯᠪᠤᠷᠢᠲᠠᠢ ᠵᠢᠭᠰᠠᠭᠠᠨ ᠪᠠᠶᠢᠴᠠᠭᠠᠬᠤ ᠦᠭᠡᠢ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠨᠢ ᠬᠠᠰᠢ ᠶᠠᠰᠢ ᠪᠠᠷ  ᠥᠩᠭᠡᠷᠡᠭᠡᠬᠦ ᠬᠡᠯᠪᠡᠷᠢᠴᠢᠯᠡᠬᠦ ᠵᠡᠷᠭᠡ ᠲᠣᠪᠣᠶᠢᠮ᠎ᠠ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠨᠢᠭᠡ ᠳᠤ᠂ ᠬᠦᠴᠦᠨ ᠢᠶᠠᠨ ᠲᠥᠪᠯᠡᠷᠡᠭᠦᠯᠦᠨ᠂ ᠬᠠᠲᠠᠭᠤ ᠴᠢᠩᠭ᠎ᠠ  ᠠᠷᠭ᠎ᠠ ᠬᠡᠮᠵᠢᠶ᠎ᠡ ᠠᠪᠴᠤ ᠠᠭᠤᠷᠬᠠᠢ ᠶᠢᠨ ᠠᠮᠤᠷ ᠲᠦᠪᠰᠢᠨ ᠢ ᠰᠠᠶᠢᠲᠤᠷ ᠠᠳᠬᠤᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠠᠬᠢᠭᠤᠯᠵᠤ᠂ ᠠᠩᠬ᠎ᠠ ᠠᠯᠬᠤᠮ ᠤᠨ ᠵᠢᠷᠤᠵᠤ ᠲᠥᠯᠥᠪᠯᠡᠭᠰᠡᠨ ᠶᠣᠰᠣᠭᠠᠷ ᠬᠢᠬᠦ ᠦᠭᠡᠢ ᠳᠦᠷᠢᠮ  ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ᠂ ᠬᠠᠤᠯᠢ ᠲᠣᠭᠲᠠᠭᠠᠯ ᠠᠴᠠ ᠵᠥᠷᠢᠴᠡᠨ ᠰᠠᠯᠭᠠᠨ ᠳᠠᠭᠠᠭᠠᠴᠢᠯᠠᠬᠤ᠂ ᠳᠠᠭᠠᠭᠠᠴᠢᠯᠠᠭᠤᠯᠬᠤ᠂ ᠳᠠᠭᠠᠭᠠᠴᠢᠯᠠᠬᠤ᠂  ︽ᠲᠣᠷᠭᠠᠭᠳᠠᠪᠠᠴᠤ ᠵᠠᠯᠠᠷᠠᠭᠤᠯᠬᠤ ᠦᠭᠡᠢ︾ ᠪᠠᠶᠢᠬᠤ 3 ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠬᠤᠶᠠᠷ ᠲᠤ᠂ ᠬᠦᠴᠦᠨ ᠢᠶᠠᠨ ᠲᠥᠪᠯᠡᠷᠡᠭᠦᠯᠦᠨ᠂  ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠠᠶᠤᠯ ᠲᠦᠭᠰᠢᠭᠦᠷᠢ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ 9 ᠭᠤᠣᠯᠳᠠᠯᠭ᠎ᠠ ᠲᠠᠢ  ᠠᠵᠢᠯ ᠲᠦᠷᠦᠯ ᠤᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳ ᠨᠢᠭᠡ ᠪᠠᠷ ᠮᠥᠷᠳᠡᠨ ᠵᠢᠯᠤᠭᠤᠳᠴᠤ᠂ ᠬᠠᠷᠢᠯᠴᠠᠨ ᠪᠠᠶᠢᠴᠠᠭᠠᠵᠤ ᠬᠠᠷᠢᠯᠴᠠᠨ  ᠰᠤᠷᠤᠯᠴᠠᠬᠤ ᠶᠢ ᠭᠦᠨᠵᠡᠭᠡᠶᠢᠷᠡᠭᠦᠯᠵᠦ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃  ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠣᠳᠣᠬᠠᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂  ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠴᠢᠩᠭ᠎ᠠ ᠪᠤᠰᠤ᠂ ᠠᠵᠢᠯ ᠲᠥᠷᠥᠯ ᠤᠨ  ᠬᠠᠮᠢᠶᠠᠷᠤᠯᠲᠠ ᠵᠢᠷᠤᠮᠵᠢᠩᠭᠤᠢ ᠪᠤᠰᠤ᠂ ᠠᠶᠤᠯᠭᠦᠢ ᠦᠢᠯᠡᠳᠪᠦᠷᠢᠯᠡᠯ ᠤᠨ ᠬᠠᠲᠠᠭᠤ ᠠᠷᠭ᠎ᠠ ᠬᠡᠮᠵᠢᠶ᠎ᠡ ᠴᠢᠩᠭ᠎ᠠ ᠪᠢᠰᠢ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ  ᠠᠮᠤᠷ ᠲᠦᠪᠰᠢᠨ ᠢ ᠬᠠᠮᠢᠶᠠᠷᠬᠤ︾ ᠶᠢ ᠬᠥᠮᠥᠨ ᠨᠢᠭᠡ ᠪᠦᠷᠢ ᠳᠤ ᠨᠠᠶᠢᠳᠠᠪᠤᠷᠢᠵᠢᠭᠤᠯᠤᠭᠰᠠᠨ ᠦᠭᠡᠢ ᠵᠡᠷᠭᠡ 5 ᠲᠥᠷᠥᠯ ᠤᠨ ᠠᠰᠠᠭᠤᠳᠠᠯ ᠢ ᠭᠤᠣᠯᠳᠠᠯᠭ᠎ᠠ ᠲᠠᠢ  ᠰᠢᠢᠳᠪᠦᠷᠢᠯᠡᠵᠦ᠂ ᠲᠤᠶᠢᠯ ᠢᠶᠠᠷ ᠰᠡᠳᠬᠢᠯ ᠲᠠᠯᠪᠢᠵᠤ᠂ ᠲᠤᠶᠢᠯ ᠢᠶᠠᠷ ᠠᠩᠬᠠᠷᠤᠯ ᠲᠠᠯᠪᠢᠵᠤ᠂ ᠲᠤᠶᠢᠯ ᠢᠶᠠᠷ ᠬᠠᠷᠢᠭᠤᠴᠠᠵᠤ ᠶᠡᠭᠡ ᠪᠠᠷ ᠵᠢᠭᠰᠠᠭᠠᠨ ᠪᠠᠶᠢᠴᠠᠭᠠᠬᠤ ᠶᠡᠭᠡ   ᠪᠠᠷ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠸᠠᠩ ᡁᠢ ᠴᠢᠶᠠᠩ᠂ ᠶᠣᠣ ᠶᠦᠩ ᠪᠦᠸᠧ᠂ ᠪᠠᠢ ᠴᠢᠩ ᠶᠤᠸᠠᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号