ᠬᠤᠸᠠᠩ ᡁᠢ ᠴᠢᠶᠠᠩ ᠬᠥᠯᠥᠨ ᠪᠤᠶᠢᠷ ᠬᠤᠳᠠ ᠳᠤ ᠰᠢᠮᠳᠠᠭᠤᠯᠤᠨ ᠵᠢᠯᠤᠭᠤᠳᠬᠤ ᠳᠤ ᠪᠠᠨ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ  ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/4/6
     4 ᠳ᠋ᠦ᠋ᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ᠂ ᠣᠶ ᠰᠢᠭᠤᠢ ᠨᠤᠲᠤᠭ  ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠠᠮᠤᠷ ᠲᠦᠪᠰᠢᠨ ᠤ ᠳᠠᠯᠳᠠ ᠬᠡᠮ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠢ  ᠲᠤᠬᠠᠢ ᠶᠢᠨ ᠭᠠᠵᠠᠷ ᠲᠤ ᠨᠢ ᠰᠢᠮᠳᠠᠭᠤᠯᠤᠨ ᠵᠢᠯᠤᠭᠤᠳᠴᠤ᠂ ᠨᠠᠭᠤᠷ ᠭᠤᠣᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃       ᠬᠤᠸᠠᠩ ᡁᠢ ᠴᠢᠶᠠᠩ ᠤᠷᠢᠳ ᠬᠤᠵᠢᠳ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠭᠠᠯ ᠰᠡᠷᠭᠡᠶᠢᠯᠡᠬᠦ ᠰᠠᠯᠪᠤᠷᠢ ᠠᠩᠭᠢ᠂ ᠥᠪᠥᠷ ᠮᠣᠩᠭᠤᠯ ᠤᠨ ᠤᠢ  ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠤᠯᠤᠰ ᠤᠨ ᠲᠡᠰ ᠤᠨ ᠨᠥᠭᠡᠴᠡᠯᠡᠬᠦ ᠬᠥᠮᠥᠷᠭᠡ ᠪᠣᠯᠣᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠲᠥᠪ᠂  ᠮᠠᠨᠵᠤᠤᠷ ᠤᠨ ᠬᠢᠯᠢ ᠶᠢᠨ ᠲᠤᠰᠠᠭᠠᠷᠯᠠᠬᠤ ᠪᠦᠰᠡ᠂ ᠵᠠᠯᠠᠶᠢᠨᠠᠭᠤᠷ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠯᠢᠩ ᠯᠦ ᠨᠡᠭᠦᠷᠡᠰᠦᠨ ᠠᠭᠤᠷᠬᠠᠢ ᠳᠤ ᠬᠦᠷᠴᠦ᠂  ᠰᠡᠷᠭᠡᠶᠢᠯᠡᠯᠲᠡ ᠪᠠᠶᠢᠷᠢᠯᠠᠭᠤᠯᠬᠤ ᠬᠦᠴᠦᠨ᠂ ᠡᠳ᠋ ᠪᠣᠳᠠᠰ ᠤᠨ ᠨᠥᠭᠡᠴᠡᠯᠡᠯᠲᠡ᠂ ᠭᠠᠯ ᠰᠡᠷᠭᠡᠶᠢᠯᠡᠬᠦ ᠬᠢᠨᠠᠨ ᠰᠢᠨᠵᠢᠯᠡᠯᠲᠡ ᠵᠡᠷᠭᠡ ᠠᠵᠢᠯ ᠢ ᠲᠤᠬᠠᠢ ᠶᠢᠨ ᠭᠠᠵᠠᠷ ᠲᠤ ᠨᠢ  ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠤᠨ ᠠᠵᠢᠯ ᠢ ᠰᠢᠮᠳᠠᠭᠤᠯᠤᠨ ᠵᠢᠯᠣᠭᠤᠳᠴᠠᠢ᠃  ᠲᠡᠷᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠨᠡᠩ ᠴᠢᠩᠭ᠎ᠠ ᠱᠠᠭᠠᠷᠳᠠᠯᠭ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠦᠬᠦ  ᠲᠠᠯ᠎ᠠ ᠶᠢᠨ ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠤᠷ  ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠸᠠᠩ ᡁᠢ ᠴᠢᠶᠠᠩ ᠪᠠᠰᠠ ᠬᠥᠯᠥᠨ ᠨᠠᠭᠤᠷ᠂ ᠡᠷᠭᠦᠨ᠎ᠡ ᠭᠤᠣᠯ ᠤᠨ ᠰᠠᠪᠠ ᠭᠠᠵᠠᠷ ᠲᠤ ᠬᠦᠷᠴᠦ ᠨᠠᠭᠤᠷ ᠭᠤᠣᠯ ᠢ ᠴᠠᠭᠳᠠᠨ ᠪᠠᠶᠢᠴᠠᠭᠠᠵᠤ᠂ ᠭᠤᠣᠯ  ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号